ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠵᠢᠯ ᠤᠨ ᠪᠦᠲᠦᠮᠵᠢᠲᠡᠶ ᠥᠷᠨᠢᠬᠦ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ ᠣᠶᠢᠷ᠎ᠠ ᠶᠢᠨ ᠬᠤᠶᠠᠷ ᠵᠢᠯ ᠳᠤ ᠪᠠᠶᠢᠭᠤᠯᠭ᠎ᠠ ᠶᠢᠨ ᠪᠣᠳᠠᠲᠠᠶ ᠡᠨᠧᠷᠭᠢ ᠬᠡᠷᠡᠭᠯᠡᠬᠦ ᠬᠥᠮᠦᠨ ᠤ | ᠲᠤᠭ᠎ᠠ ᠵᠢᠴᠢ ᠡᠨᠧᠷᠭᠢ ᠬᠡᠷᠡᠭᠯᠡᠬᠦ ᠲᠥᠬᠦᠭᠡᠷᠦᠮᠵᠢ ᠲᠠᠰᠤᠷᠠᠯᠲᠠ ᠥᠬᠡᠶ ᠨᠡᠮᠡᠭᠳᠡᠵᠦ᠂ ᠡᠨᠧᠷᠭᠢ ᠶᠢᠨ ᠬᠤᠷᠣᠭᠳᠠᠯ ᠤᠨ ᠵᠠᠷᠤᠯᠭ᠎ᠠ ᠲᠠᠰᠤᠷᠠᠯᠲᠠ ᠥᠬᠡᠶ ᠨᠡᠮᠡᠭᠳᠡᠭᠰᠡᠨ | ᠪᠠᠶᠢᠳᠠᠯ ᠢ ᠭᠦᠨᠵᠡᠭᠡᠶ ᠵᠠᠳᠠᠯᠵᠤ᠂ ᠲᠣᠭᠠᠴᠢᠯᠠᠭᠰᠠᠨ ᠲᠤᠭ᠎ᠠ ᠪᠠᠷᠢᠮᠲᠠ ᠶᠢ ᠵᠠᠳᠠᠯᠬᠤ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠡᠨᠧᠷᠭᠢ ᠶᠢᠨ ᠬᠤᠷᠣᠭᠳᠠᠯ ᠤᠨ ᠳᠠᠯᠳᠠ | ᠬᠦᠴᠦᠨ ᠢ ᠭᠦᠨᠵᠡᠭᠡᠶ ᠠᠭᠤᠳᠠᠯᠵᠤ᠂ ᠬᠠᠮᠢᠶᠠᠷᠤᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠪᠠ᠃ | ᠲᠤᠬᠠᠶᠢᠯᠠᠭᠰᠠᠨ ᠠᠵᠢᠯ ᠢᠶᠠᠷ ᠬᠥᠲᠥᠯᠥᠨ ᠳᠠᠭᠠᠭᠤᠯᠵᠤ᠂ ᠡᠨᠧᠷᠭᠢ ᠠᠷᠪᠢᠯᠠᠬᠤ ᠬᠠᠷᠢᠭᠤᠴᠠᠯᠭ᠎ᠠ ᠶᠢ ᠪᠤᠳᠠᠳᠠᠶᠢᠵᠢᠭᠤᠯᠪᠠ᠃ ᠡᠨᠧᠷᠭᠢ ᠶᠢᠨ ᠬᠤᠷᠣᠭᠳᠠᠯ ᠤᠨ | ᠪᠠᠭᠤᠷᠠᠯᠲᠠ ᠶᠢ ᠬᠢᠵᠠᠭᠠᠷᠯᠠᠵᠤ᠂ ᠡᠨᠧᠷᠭᠢ ᠠᠷᠪᠢᠯᠠᠬᠤ ᠪᠣᠭᠤᠮᠲᠠ ᠰᠢᠪᠲᠤᠯᠬᠤ ᠠᠩᠭᠢ ᠶᠢ ᠵᠣᠬᠢᠶᠠᠨ ᠪᠠᠶᠢᠭᠤᠯᠵᠤ᠂ ᠡᠨᠧᠷᠭᠢ ᠠᠷᠪᠢᠯᠠᠬᠤ ᠬᠠᠷᠠᠯᠲᠠ ᠶᠢ ᠤᠯᠠᠮ ᠨᠢᠭᠡ | ᠠᠯᠬᠤᠮ ᠨᠠᠷᠢᠯᠢᠭᠵᠢᠭᠤᠯᠬᠤ ᠶᠢᠨ ᠲᠥᠯᠥᠭᠡ᠂ ᠲᠤᠰᠬᠠᠶ ᠬᠥᠮᠦᠨ ᠲᠣᠬᠢᠷᠠᠭᠤᠯᠤᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠤᠩᠰᠢᠯᠭ᠎ᠠ ᠶᠢᠨ ᠲᠤᠭ᠎ᠠ ᠶᠢ ᠲᠡᠮᠳᠡᠭᠯᠡᠪᠡ᠃ | ᠡᠭᠦᠨ ᠤ ᠬᠠᠮᠲᠤ ᠡᠨᠧᠷᠭᠢ ᠶᠢᠨ ᠬᠤᠷᠣᠭᠳᠠᠭᠤᠯᠤᠯ ᠢ ᠬᠢᠨᠠᠨ ᠬᠡᠮᠵᠢᠬᠦ ᠲᠠᠪᠴᠠᠩ ᠢ ᠠᠰᠢᠭᠯᠠᠨ᠂ ᠥᠩᠭᠡᠷᠡᠭᠰᠡᠨ ᠵᠢᠯ ᠤᠳ ᠤᠨ ᠡᠨᠧᠷᠭᠢ ᠶᠢᠨ ᠬᠤᠷᠣᠭᠳᠠᠭᠤᠯᠭ᠎ᠠ ᠪᠠᠷ | ᠥᠨᠳᠥᠷ᠂ ᠠᠯᠳᠠᠭᠳᠠᠭᠰᠠᠨ ᠬᠡᠮᠵᠢᠶ᠎ᠡ ᠪᠠᠷ ᠶᠡᠭᠡ ᠣᠷᠣᠨ ᠪᠦᠰᠡ ᠪᠠ ᠰᠠᠯᠠᠭ᠎ᠠ ᠮᠥᠴᠢᠷ ᠢ ᠤᠷᠢᠳᠴᠢᠯᠠᠨ ᠬᠠᠮᠢᠶᠠᠷᠤᠨ ᠡᠵᠡᠮᠳᠡᠵᠦ᠂ ᠴᠠᠭ ᠲᠤᠬᠠᠶ ᠳᠤᠨᠢ ᠬᠢᠨᠠᠨ | ᠡᠵᠡᠮᠳᠡᠵᠦ᠂ ᠴᠠᠭ ᠲᠤᠬᠠᠶ ᠳᠤᠨᠢ ᠰᠠᠨᠠᠭᠤᠯᠤᠨ᠂ ᠴᠠᠭ ᠲᠤᠬᠠᠶ ᠳᠤᠨᠢ ᠳᠣᠭᠢᠷᠠᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ᠠᠷᠪᠢᠯᠠᠭᠰᠠᠨ ᠪᠠᠶᠢᠳᠠᠯ ᠢ ᠵᠠᠳᠠᠯᠵᠤ᠂ | ᠡᠨᠧᠷᠭᠢ ᠶᠢᠨ ᠬᠤᠷᠣᠭᠳᠠᠭᠤᠯᠤᠯ ᠤᠨ ᠬᠡᠪ ᠤᠨ ᠪᠤᠰᠤ ᠠᠰᠠᠭᠤᠳᠠᠯ ᠢ ᠴᠠᠭ ᠲᠤᠬᠠᠶ ᠳᠤᠨᠢ ᠠᠷᠢᠯᠭᠠᠪᠠ᠃ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠪᠡ᠃ ᠡᠨᠧᠷᠭᠢ ᠠᠷᠪᠢᠯᠠᠬᠤ | ᠣᠶᠢᠯᠠᠭᠠᠭᠳᠠᠬᠤᠨ ᠢ ᠡᠯ᠎ᠡ ᠵᠦᠢᠯ ᠤᠨ ᠪᠠᠶᠢᠭᠤᠯᠭ᠎ᠠ ᠶᠢᠨ ᠶᠠᠪᠤᠳᠠᠯ ᠳᠤ ᠲᠤᠭᠤᠰᠢᠯᠠᠭᠤᠯᠵᠤ᠂ ᠵᠢᠯᠣᠭᠤᠳᠬᠤ ᠲᠥᠪ ᠤᠨ ᠡᠯ᠎ᠡ ᠲᠥᠷᠥᠯ ᠵᠦᠢᠯ ᠤᠨ ᠰᠠᠯᠠᠭ᠎ᠠ ᠮᠥᠴᠢᠷ | ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠳᠤ ᠬᠠᠮᠲᠤ ᠪᠠᠷ | ᠣᠷᠣᠯᠴᠠᠨ᠎ᠠ᠃ ᠬᠠᠶᠠᠭᠳᠠᠮᠠᠯ ᠤᠰᠤ ᠶᠢ ᠥᠨᠳᠥᠷ ᠪᠦᠲᠦᠮᠵᠢᠲᠡᠶ ᠪᠠᠷ ᠡᠭᠡᠭᠦᠯᠦᠨ ᠬᠤᠷᠢᠶᠠᠬᠤ᠂ ᠡᠨᠧᠷᠭᠢ ᠶᠢᠨ ᠬᠤᠷᠣᠭᠳᠠᠯ ᠶᠡᠬᠡᠲᠡᠶ ᠲᠥᠬᠦᠭᠡᠷᠦᠮᠵᠢ ᠶᠢ ᠲᠠᠰ | ᠳᠡᠪᠰᠢᠭᠦᠯᠦᠨ ᠥᠭᠡᠷᠡᠴᠢᠯᠡᠬᠦ᠂ ᠨᠢᠭᠡ ᠳᠠᠷᠤᠪᠴᠢᠲᠤ ᠴᠠᠬᠢᠯᠭᠠᠨ ᠲᠠᠰᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠵᠦᠢᠯ ᠤᠨ ᠡᠨᠧᠷᠭᠢ ᠶᠢᠨ | ᠬᠤᠷᠣᠭᠳᠠᠯ ᠢ ᠪᠠᠭᠤᠷᠠᠭᠤᠯᠤᠨ᠎ᠠ᠃ ᠵᠠᠳᠠᠯᠤᠯᠲᠠ ᠪᠠᠷ ᠳᠠᠮᠵᠢᠨ᠂ 2024 ᠣᠨ ᠤ ᠡᠮᠦᠨ᠎ᠡ ᠭᠤᠷᠪᠠᠨ ᠤᠯᠠᠷᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 3.5% ᠪᠠᠭᠤᠷᠠᠵᠤ᠂ 54204 ᠺᠢᠯᠣᠸᠠᠲ ᠴᠠᠭ ᠴᠠᠬᠢᠯᠭᠠᠨ ᠬᠡᠷᠡᠭᠯᠡᠬᠦ ᠶᠢ ᠪᠠᠭᠠᠰᠬᠠᠨ᠂ 54041 ᠮᠢᠩᠭᠠᠨ ᠭᠷᠠᠮ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠪᠠ︔ ᠤᠰᠤ ᠬᠡᠷᠡᠭᠯᠡᠬᠦ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.8% ᠪᠠᠭᠤᠷᠠᠵᠤ᠂ ᠬᠡᠷᠡᠭᠯᠡᠭᠰᠡᠨ | ᠬᠡᠮᠵᠢᠶ᠎ᠡ ᠶᠢ 1316.4 ᠲᠣᠨ ᠪᠠᠭᠠᠰᠬᠠᠵᠤ᠂ 9600 ᠲᠥᠭᠦᠷᠢᠭ ᠠᠷᠪᠢᠯᠠᠪᠠ᠃ | ᠲᠠᠷᠠᠭᠠᠴᠢ ᠶᠢᠨ ᠠᠯᠬᠤᠮ ᠳᠤ᠂ ᠲᠢᠩᠬᠢᠮ ᠤᠨ ᠶᠡᠷᠦᠩᠬᠡᠢ ᠪᠠᠲᠤᠯᠠᠭ᠎ᠠ ᠶᠢᠨ ᠲᠥᠪ ᠠᠴᠠ ᠡᠨᠧᠷᠭᠢ ᠶᠢᠨ ᠬᠤᠷᠣᠭᠳᠠᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ | ᠵᠠᠳᠠᠯᠬᠤ ᠪᠠᠷ ᠳᠠᠮᠵᠢᠭᠤᠯᠤᠨ᠂ ᠡᠨᠧᠷᠭᠢ ᠠᠷᠪᠢᠯᠠᠬᠤ ᠲᠤᠷᠰᠢᠯᠭ᠎ᠠ ᠶᠢ ᠲᠠᠰᠤᠷᠠᠯᠲᠠ ᠥᠬᠡᠶ ᠬᠤᠷᠠᠮᠳᠤᠭᠤᠯᠵᠤ᠂ ᠡᠨᠧᠷᠭᠢ ᠠᠷᠪᠢᠯᠠᠬᠤ ᠳᠠᠯᠳᠠ ᠬᠦᠴᠦᠨ ᠢ ᠬᠠᠶᠢᠨ | ᠰᠦᠪᠡᠭᠴᠢᠯᠡᠵᠦ᠂ ᠡᠨᠧᠷᠭᠢ ᠠᠷᠪᠢᠯᠠᠬᠤ ᠬᠠᠮᠢᠶᠠᠷᠤᠯᠲᠠ ᠶᠢ ᠨᠠᠷᠢᠯᠢᠬᠵᠢᠭᠤᠯᠤᠨ᠂ ᠡᠨᠧᠷᠭᠢ ᠶᠢᠨ ᠬᠤᠷᠣᠭᠳᠠᠯ ᠢ ᠤᠷᠢᠳᠴᠢᠯᠠᠨ ᠮᠠᠭᠠᠳᠯᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠡᠨᠧᠷᠭᠢ ᠠᠷᠪᠢᠯᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠬᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | | |