ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠦᠴᠦᠨ ᠢᠶᠠᠨ ᠲᠥᠪᠯᠡᠷᠡᠭᠦᠯᠦᠨ ᠦᠯᠡᠳᠡᠭᠡᠯ ᠭᠠᠵᠠᠷ ᠰᠢᠷᠣᠶ ᠶᠢ ᠠᠮᠢᠳᠤᠯᠢᠭ ᠪᠣᠯᠭᠠᠪᠠ
ᠨᠡᠶᠢᠲᠡᠯᠡᠭᠰᠡᠨ ᠴᠠᠭ᠄
2024/10/28
  ᠪᠦᠬᠦ ᠬᠤᠲᠠ ᠶᠢᠨ ᠭᠠᠵᠠᠷ ᠰᠢᠷᠤᠢ ᠶᠢ ᠠᠷᠪᠢᠯᠠᠨ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠵᠠᠷ ᠰᠢᠷᠤᠢ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠠᠳᠠᠭᠠᠯᠠᠵᠤ ᠪᠠᠶᠢᠭ᠎ᠠ ᠭᠠᠵᠠᠷ ᠰᠢᠷᠤᠢ ᠶᠢ ᠴᠢᠯᠥᠭᠡᠲᠡᠢ ᠭᠦᠢᠯᠭᠡᠭᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠢ ᠡᠷᠭᠢᠯᠳᠦᠭᠦᠯᠦᠨ ᠰᠢᠯᠢᠳᠡᠭᠵᠢᠭᠦᠯᠵᠦ᠂ ᠭᠠᠵᠠᠷ ᠰᠢᠷᠤᠢ ᠶᠢᠨ ᠡᠬᠢ ᠪᠠᠶᠠᠯᠢᠭ ᠢ ᠲᠣᠬᠢᠷᠠᠭᠤᠯᠤᠨ ᠠᠰᠢᠭᠯᠠᠬᠤ ᠶᠢ ᠰᠢᠯᠢᠳᠡᠭᠵᠢᠭᠦᠯᠪᠡ᠃  ᠬᠦᠴᠢᠷ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠬᠥᠭᠵᠢᠯᠲᠡ ᠶᠢᠨ ︽ᠳᠣᠬᠢᠭᠤᠷ︾᠎ ᠢ ᠰᠠᠶᠢᠲᠤᠷ ᠬᠡᠷᠡᠭᠯᠡᠪᠡ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠲᠠᠢ ᠬᠠᠮᠵᠢᠯᠴᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠭᠠᠵᠠᠷ ᠰᠣᠩᠭᠤᠬᠤ ᠳᠠᠭᠠᠨ ᠦᠯᠡᠳᠡᠭᠡᠯ ᠭᠠᠵᠠᠷ ᠰᠢᠷᠣᠶ ᠶᠢ ᠤᠷᠢᠳ ᠢᠶᠠᠷ ᠲᠠᠨᠢᠯᠴᠠᠭᠤᠯᠤᠨ ᠬᠡᠷᠡᠭᠯᠡᠵᠦ᠂ ᠠᠵᠤ ᠠᠬᠤᠶᠢᠯᠠᠯ ᠤᠨ ᠬᠦᠰᠡᠯ ᠡᠷᠡᠮᠡᠯᠵᠡᠯ ᠲᠠᠢ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠪᠠᠶᠢᠪᠠᠯ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠢᠯᠢᠳᠡᠭᠵᠢᠭᠦᠯᠦᠨ ᠨᠡᠭᠡᠭᠡᠨ ᠬᠥᠭᠵᠢᠭᠦᠯᠬᠦ ᠶᠢᠨ ᠬᠠᠮᠲᠤ᠂ ᠣᠬᠤᠷ ᠬᠤᠭᠤᠴᠠᠭᠠᠨ ᠤ ᠳᠣᠲᠣᠷ᠎ᠠ ᠬᠠᠩᠭᠠᠵᠤ ᠳᠡᠶᠢᠯᠬᠦ ᠥᠬᠡᠶ ᠲᠡᠤᠬᠡᠨ ᠠᠴᠠ ᠦᠯᠡᠳᠡᠭᠳᠡᠵᠦ ᠢᠷᠡᠭᠰᠡᠨ ᠬᠡᠷ ᠪᠠᠶᠢᠰᠢᠩ ᠭᠠᠵᠠᠷ ᠬᠥᠷᠥᠩᠭᠡ ᠵᠡᠷᠭᠡ ᠲᠥᠷᠥᠯ ᠵᠦᠢᠯ ᠢ ᠲᠥᠯᠥᠪᠵᠢᠭᠦᠯᠦᠨ ᠳᠣᠭᠢᠷᠠᠭᠤᠯᠬᠤ᠂ ᠴᠢᠳᠠᠮᠵᠢ ᠶᠢ ᠰᠢᠯᠢᠳᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠩᠭᠡᠭᠡᠨ ᠠᠪᠬᠤ ᠶᠢ ᠠᠬᠢᠭᠤᠯᠪᠠ᠃  ᠪᠡᠷᠬᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ︽ᠪᠤᠳᠤᠬᠤ ᠲᠡᠮᠳᠡᠭ︾᠎ ᠢ ᠠᠮᠢᠯᠠᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠠᠵᠤ ᠠᠬᠤᠶᠢᠯᠠᠯ ᠢ ᠵᠢᠯᠣᠭᠤᠳᠤᠨ ᠦᠷᠭᠦᠯᠵᠢᠯᠡᠨ ᠨᠡᠭᠡᠭᠡᠨ ᠬᠥᠭᠵᠢᠭᠦᠯᠬᠦ ᠪᠤᠶᠤ ᠵᠠᠬ᠎ᠠ ᠳᠡᠯᠭᠡᠭᠦᠷ ᠤᠨ ᠭᠦᠢᠯᠭᠡᠭᠡᠨ ᠤ ᠰᠢᠯᠵᠢᠭᠦᠯᠦᠨ ᠥᠭᠬᠦ ᠶᠢ ᠠᠬᠢᠭᠤᠯᠵᠤ᠂ ᠪᠠᠷᠢᠴᠠᠭᠠᠨ ᠤ ᠡᠷᠬᠡᠲᠦ ᠬᠥᠮᠥᠨ ᠤ ᠵᠥᠪᠰᠢᠶᠡᠷᠡᠭᠰᠡᠨ ᠪᠠᠶᠢᠳᠠᠯ ᠳᠣᠣᠷ᠎ᠠ᠂ ᠠᠵᠤ ᠠᠬᠤᠶᠢᠯᠠᠯ ᠤᠨ ᠡᠷᠦᠬᠡ ᠰᠢᠯᠵᠢᠭᠦᠯᠦᠨ ᠥᠭᠬᠦ ᠶᠢ ᠳᠡᠮᠵᠢᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠳᠡᠮᠵᠢᠨ᠎ᠡ︔ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ ᠪᠦᠬᠦ ᠲᠤᠭ᠎ᠠ ᠨᠢᠭᠡ ᠯᠡ ᠤᠳᠠᠭ᠎ᠠ ᠳᠤ ᠲᠤᠰᠢᠶᠠᠬᠤ ᠴᠢᠳᠠᠯ ᠦᠭᠡᠢ ᠠᠵᠤ ᠦᠢᠯᠡᠳᠪᠦᠷᠢ ᠶᠢᠨ ᠲᠥᠷᠥᠯ ᠵᠦᠢᠯ ᠳᠤ ︽ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ᠂ ᠬᠠᠷᠢᠮᠠᠬᠠᠢ ᠴᠢᠨᠠᠷᠲᠠᠢ ᠪᠠᠷ ᠰᠢᠯᠵᠢᠭᠦᠯᠦᠨ ᠬᠤᠳᠠᠯᠳᠤᠬᠤ︾ ᠵᠡᠷᠭᠡ ᠭᠠᠵᠠᠷ ᠰᠢᠷᠣᠢ ᠬᠠᠩᠭᠠᠬᠤ ᠵᠥᠷᠢᠶᠡᠴᠢᠯᠡᠭᠰᠡᠨ ᠠᠷᠭ᠎ᠠ ᠮᠠᠶ᠋ᠢᠭ ᠢ ᠠᠪᠴᠤ᠂ ᠭᠠᠵᠠᠷ ᠰᠢᠷᠣᠢ ᠶᠢ ᠬᠠᠩᠭᠠᠬᠤ ᠶᠢ ᠲᠦᠷᠭᠡᠬᠡᠨ ᠪᠡᠶᠡᠯᠡᠭᠦᠯᠪᠡ᠃  ᠭᠤᠣᠯᠳᠠᠯᠭ᠎ᠠ ᠶᠢ ᠳᠤᠪᠤᠶᠢᠯᠭᠠᠵᠤ᠂ ︽ᠬᠤᠷᠳᠤᠳᠬᠠᠭᠤᠷ︾᠎ ᠢ ᠲᠥᠯᠥᠪᠵᠢᠭᠦᠯᠦᠨ ᠰᠢᠢᠳᠪᠦᠷᠢᠯᠡᠪᠡ᠃ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠢ ᠶᠢᠨ ᠰᠢᠩᠭᠡᠭᠡᠯᠲᠡ ᠶᠢ ᠲᠦᠷᠭᠡᠪᠴᠢᠯᠡᠨ ᠠᠬᠢᠭᠤᠯᠪᠠ ᠃ ᠭᠠᠵᠠᠷ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ᠂ ︽ᠤᠷᠢᠳᠴᠢᠯᠠᠨ ᠵᠣᠯᠭᠠᠭᠤᠯᠬᠤ᠂ ᠳᠤᠲᠠᠭᠤ ᠶᠢ ᠨᠢ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠶ ᠶᠢᠨ ᠬᠠᠩᠭᠠᠯᠭ᠎ᠠ ᠶᠢ ᠲᠦᠷᠭᠡᠳᠬᠡᠨ᠎ᠡ︔ ᠨᠤᠷᠠᠭᠠᠵᠤ ᠨᠡᠭᠦᠯᠭᠡᠬᠦ ᠶᠢ ᠪᠡᠶᠡᠯᠡᠭᠦᠯᠦᠭᠰᠡᠨ ᠦᠭᠡᠢ᠂ ᠣᠶᠢᠷ᠎ᠠ ᠶᠢᠨ ᠬᠡᠳᠦᠨ ᠵᠢᠯ ᠳᠤ ᠦᠨᠡᠨ ᠬᠦ ᠬᠡᠷᠡᠭᠯᠡᠬᠦ ᠥᠬᠡᠶ ᠪᠠᠶᠢᠪᠠᠯ᠂ ︽ᠬᠠᠩᠭᠠᠬᠤ ᠪᠠ ᠬᠦᠴᠦᠨ ᠥᠬᠡᠶ ᠪᠣᠯᠭᠠᠬᠤ ᠶᠢ ᠤᠶᠠᠯᠳᠤᠭᠤᠯᠬᠤ︾ ᠵᠠᠷᠴᠢᠮ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠵᠥᠪᠰᠢᠶᠡᠷᠡᠯ ᠤᠨ ᠪᠢᠴᠢᠭ ᠢ ᠬᠦᠴᠦᠨ ᠥᠬᠡᠶ ᠪᠣᠯᠭᠠᠬᠤ ᠪᠠᠷ ᠲᠦᠷᠭᠡᠬᠡᠨ ᠭᠤᠶᠤᠴᠢᠯᠠᠨ᠎ᠠ᠃ ᠣᠳᠣᠬᠠᠨ ᠪᠣᠯᠲᠠᠯ᠎ᠠ᠂ ᠪᠤᠭᠤᠲᠤ ᠬᠤᠲᠠ ᠨᠢᠭᠡᠨᠲᠡ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠶᠢ 4.68 ᠲᠦᠮᠡᠨ ᠮᠥ ᠶᠢ ᠰᠢᠩᠭᠡᠭᠡᠵᠦ᠂ 1.19 ᠲᠦᠮᠡᠨ ᠮᠥ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠦᠢᠯᠪᠤᠷᠢᠲᠠᠢ ᠪᠠᠶᠢᠴᠠᠭᠠᠬᠤ ᠡᠭᠦᠷᠭᠡ ᠶᠢᠨ 72%᠂ 98%᠎ ᠶᠢ ᠲᠣᠰ ᠲᠣᠰ ᠪᠡᠶᠡᠯᠡᠭᠦᠯᠪᠡ᠃ 
ᠢᠷᠡᠯᠲᠡ᠄ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ