ᠶᠡᠷᠦᠩᠬᠡᠶ ᠱᠦᠵᠢ ᠰᠢ ᠶᠢᠨ ᠫᠢᠩ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ | ᠪᠣᠯᠭᠠᠨ ᠪᠥᠲᠥᠭᠡᠨ ᠪᠠᠶᠢᠭᠤᠯᠬᠤ ᠪᠣᠯ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠮᠥᠨ᠂ ᠪᠠᠰᠠ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃ ᠪᠠᠶᠢᠭᠠᠯᠢ ᠶᠢᠨ | ᠡᠬᠢ ᠪᠠᠶᠠᠯᠢᠭ ᠪᠣᠯ ᠣᠷᠣᠰᠢᠨ ᠲᠣᠭᠲᠠᠨᠢᠬᠤ ᠶᠢᠨ ᠰᠠᠭᠤᠷᠢ᠂ ᠬᠥᠭᠵᠢᠯᠲᠡ ᠶᠢᠨ ᠴᠢᠬᠤᠯᠠ᠂ ᠠᠷᠠᠳ ᠤᠨ ᠠᠮᠢᠳᠤᠷᠠᠯ ᠤᠨ ᠦᠨᠳᠦᠰᠦ᠂ ᠠᠮᠢ ᠠᠬᠤᠶ ᠶᠢᠨ ᠲᠦᠰᠢᠭ | ᠮᠥᠨ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠡᠭᠦᠷᠢᠳᠡ ᠦᠷᠭᠦᠯᠵᠢᠯᠡᠨ ᠠᠰᠢᠭᠯᠠᠬᠤ ᠪᠣᠯ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠷ᠎ᠠ ᠳᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ | ᠡᠭᠦᠷᠢᠳᠡ ᠠᠰᠢᠭᠯᠠᠵᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠮᠡᠳᠡᠭᠳᠡᠯ︾ ︵ | ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ | ︽ᠮᠡᠳᠡᠭᠳᠡᠯ︾ ᠨᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ | ᠠᠰᠢᠭᠯᠠᠬᠤ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠨᠢᠭᠡᠳᠦᠯᠲᠡᠢ ᠲᠥᠯᠥᠪᠵᠢᠭᠦᠯᠬᠦ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ | ᠪᠠᠲᠤᠯᠠᠬᠤ᠂ ᠵᠠᠰᠠᠯᠲᠠ ᠶᠢᠨ ᠲᠦᠷᠢᠮ ᠤᠨ ᠰᠢᠰᠲ᠋ᠧᠮ ᠢ ᠪᠦᠷᠢᠨᠰᠢᠬᠦᠯᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠵᠡᠷᠭᠡ 6 | ᠲᠠᠯ᠎ᠠ ᠠᠴᠠ 48 ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ︽ᠡᠬᠢ ᠪᠠᠶᠠᠯᠢᠭ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠬᠤ᠂ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠠᠬᠢᠭᠤᠯᠬᠤ᠂ ᠡᠬᠢ ᠪᠠᠶᠠᠯᠢᠭ ᠡᠳ᠋ ᠬᠦᠷᠦᠩᠭᠡ ᠶᠢᠨ ᠡᠷᠬᠡ ᠠᠰᠢᠭ ᠢ ᠬᠠᠮᠠᠭᠠᠯᠠᠬᠤ︾ ᠠᠵᠢᠯ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠡᠨᠧᠷᠭᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠠᠮᠢ | ᠠᠬᠤᠢ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ ᠪᠦᠷᠢᠨᠰᠢᠬᠦᠯᠵᠦ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠵᠣᠷᠢᠯᠭ᠎ᠠ ᠪᠠᠨ ᠪᠣᠯᠭᠠᠪᠠ᠃ | ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠴᠤ ︽ᠮᠡᠳᠡᠭᠳᠡᠯ︾ ᠢ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠷᠭᠡᠳᠬᠡᠨ ᠠᠬᠢᠭᠤᠯᠬᠤ ᠨᠢᠭᠡ ᠵᠦᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢᠨ ᠴᠢᠨᠠᠷᠲᠠᠢ ᠪᠢᠴᠢᠭ | ᠮᠠᠲ᠋ᠧᠷᠢᠶᠠᠯ ᠪᠣᠯᠭᠠᠵᠤ᠂ ᠠᠯᠢ ᠤᠯᠠᠨ ᠰᠢᠨ᠎ᠡ ᠶᠢ ᠡᠭᠦᠳᠬᠦ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠶᠢ ᠳᠤᠷᠠᠳᠴᠠᠢ᠃ ᠵᠢᠱᠢᠶᠡᠯᠡᠪᠡᠯ᠄ | ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠬᠠᠮᠢᠶᠠᠷᠤᠨ ᠡᠵᠡᠮᠳᠡᠬᠦ ᠲᠠᠯ᠎ᠠ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠪᠥᠬᠦ ᠶᠠᠪᠤᠴᠠ ᠳᠤ ᠲᠤᠭᠤᠰᠢᠯᠠᠭᠤᠯᠵᠤ᠂ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠥᠷᠢᠯᠡᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠳᠤ ᠰᠠᠭᠤᠷᠢ ᠲᠠᠯᠪᠢᠵᠤ ᠥᠭᠬᠦ ᠶᠢ ᠳᠤᠷᠠᠳᠪᠠ︔ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠬᠡᠷᠡᠭᠵᠢᠭᠦᠯᠬᠦ ᠶᠢ ᠦᠨᠡᠯᠡᠨ ᠵᠢᠱᠢᠬᠦ ᠡᠮᠦᠨᠡᠬᠢ ᠬᠤᠭᠤᠴᠠᠭᠠᠨ ᠤ ᠠᠵᠢᠯ ᠢ ᠰᠤᠳᠤᠯᠤᠨ ᠥᠷᠨᠢᠭᠦᠯᠵᠦ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠲᠣᠬᠢᠷᠠᠭᠤᠯᠤᠨ ᠬᠡᠷᠡᠭᠵᠢᠭᠦᠯᠬᠦ ᠠᠷᠭ᠎ᠠ ᠵᠠᠮ ᠢ ᠬᠠᠶᠢᠨ ᠰᠦᠪᠡᠭᠴᠢᠯᠡᠪᠡ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ | ᠵᠠᠭᠠᠭ ᠬᠢᠵᠠᠭᠠᠷ ᠢ ᠴᠢᠩᠭ᠎ᠠ ᠲᠣᠭᠲᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ | ᠱᠤᠭᠤᠮ ᠢ ᠳᠠᠪᠠᠭ᠋ᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠲᠠᠷᠢᠶᠠᠨ ᠭᠠᠵᠠᠷ ᠢ ᠬᠠᠮᠠᠭᠠᠯᠠᠬᠤ ᠲᠠᠯ᠎ᠠ ᠪᠠᠷ᠂ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠦᠨ᠂ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ︔ ᠬᠤᠵᠢᠷᠯᠢᠭ ᠭᠠᠵᠠᠷ | ᠵᠡᠷᠭᠡ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠠᠶᠠᠨᠨᠠᠭᠤᠷ ᠬᠤᠲᠠ ᠶᠢᠨ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠲᠤᠷᠰᠢᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠣᠷᠣᠨ ᠤ 2025 ᠣᠨ ᠳᠤ 4 ᠲᠦᠮᠡᠨ ᠮᠥ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠪᠡ᠃ | ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠬᠦ ᠲᠠᠯ᠎ᠠ ᠪᠠᠷ᠂ ︽ᠲᠥᠷᠥᠯ ᠵᠦᠢᠯ ᠤᠨ ᠨᠠᠷᠢᠨ ᠬᠠᠭᠤᠳᠠᠰᠤ ᠶᠢᠨ ᠰᠠᠭᠤᠷᠢ ᠭᠦᠢᠴᠡᠳᠬᠡᠯ ᠲᠤᠭ᠎ᠠ ᠶᠢᠨ | ᠦᠯᠡᠳᠡᠭᠡᠯ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ︔ ᠰᠠᠯᠬᠢᠨ ᠬᠦᠴᠦᠨ ᠤ ᠴᠠᠬᠢᠯᠭᠠᠨ | ᠭᠡᠷᠡᠯᠴᠢ ᠴᠡᠨᠡᠭ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠳᠤ ᠨᠡᠶᠢᠴᠡᠬᠦ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠪᠦᠬᠦᠨ ᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠲᠥᠷᠥᠯ ᠵᠦᠢᠯ ᠤᠨ ᠨᠠᠷᠢᠨ ᠬᠠᠭᠤᠳᠠᠰᠤ ᠳᠤ ᠣᠷᠣᠭᠤᠯᠤᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠥᠪᠯᠡᠭᠡ ᠶᠢᠨ ᠭᠦᠢᠴᠡᠳᠬᠡᠯ | ᠲᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ︔ ︽ᠬᠠᠩᠭᠠᠯᠭ᠎ᠠ ᠶᠢ ᠪᠠᠲᠤᠯᠠᠬᠤ︾ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠪᠠᠲᠤᠯᠠᠭ᠎ᠠ ᠪᠠ | ᠵᠥᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ︽ᠬᠠᠩᠭᠠᠯᠭ᠎ᠠ ᠶᠢ ᠪᠠᠲᠤᠯᠠᠬᠤ︾ ᠨᠡᠭᠦᠷᠡᠰᠦᠨ ᠠᠭᠤᠷᠬᠠᠢ ᠶᠢᠨ | ᠦᠢᠯᠡᠰ ᠤᠨ ᠡᠷᠬᠡ ᠶᠢᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠎ᠡ᠃ ᠭᠠᠵᠠᠷ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ᠂ ᠥᠪᠡᠷᠲᠡᠭᠡᠨ | ᠵᠠᠰᠠᠬᠤ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ | ᠭᠠᠵᠠᠷ︾ ᠢ 100% ᠪᠠᠷ ᠬᠠᠩᠭᠠᠬᠤ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ︽ᠭᠠᠵᠠᠷ ᠰᠢᠷᠣᠶ ᠶᠢᠨ ᠬᠡᠲᠦ ᠳᠡᠯᠭᠡᠭᠦᠷ︾ ᠬᠢᠭᠡᠳ ᠠᠶᠢᠮᠠᠭ ᠬᠤᠲᠠ ᠶᠢᠨ ᠲᠠᠪᠴᠠᠩ ᠤᠨ ᠵᠠᠯᠭᠠᠯᠲᠠ ᠶᠢ | ᠨᠡᠪᠲᠡᠷᠡᠭᠦᠯᠵᠦ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ ᠭᠡᠵᠦ ᠳᠤᠷᠠᠳᠪᠠ᠃ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ᠂ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠶᠡᠬᠡᠪᠡᠷ | ᠲᠦᠯᠬᠢᠨ ᠠᠬᠢᠭᠤᠯᠵᠤ᠂ ᠡᠬᠢ ᠪᠠᠶᠠᠯᠢᠭ ᠤᠨ ᠰᠠᠭᠤᠷᠢᠨ ᠭᠠᠵᠠᠷ᠂ ᠭᠤᠤᠯᠳᠠᠯᠭ᠎ᠠ ᠲᠠᠢ ᠪᠠᠶᠢᠴᠠᠭᠠᠯᠲᠠ ᠶᠢᠨ ᠣᠷᠣᠨ᠂ ᠭᠤᠤᠯᠳᠠᠯᠭ᠎ᠠ ᠲᠠᠢ ᠬᠠᠶᠢᠨ ᠪᠠᠶᠢᠴᠠᠭᠠᠬᠤ | ᠣᠷᠣᠨ ᠬᠢᠭᠡᠳ ᠴᠢᠬᠤᠯᠠ ᠠᠭᠤᠷᠬᠠᠶ ᠶᠢᠨ ᠡᠷᠭᠢᠨ ᠲᠣᠭᠤᠷᠢᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠬᠤ ᠠᠵᠢᠯ ᠢ ᠴᠢᠩᠭᠠᠳᠬᠠᠨ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠲᠤ ᠨᠡᠶᠢᠭᠡᠮ ᠤᠨ ᠪᠡᠯᠡ | ᠮᠥᠩᠭᠦ ᠶᠢᠨ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠣᠷᠣᠯᠴᠠᠬᠤ ᠲᠤᠷᠰᠢᠯᠲᠠ ᠶᠢ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠤᠯᠤᠰ ᠠᠴᠠ ᠪᠠᠭᠤᠯᠭᠠᠭᠰᠠᠨ 13 ᠵᠦᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ | ᠠᠭᠤᠷᠬᠠᠶ ᠡᠷᠢᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠵᠦ ᠳᠤᠷᠠᠳᠤᠨ ᠭᠠᠷᠭᠠᠪᠠ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠠᠯ᠎ᠠ ᠪᠠᠷ᠂ | ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠶᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ᠲᠡᠤᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠤᠯᠤᠰ ᠤᠨ ᠠᠭᠤᠯᠠ ᠤᠰᠤᠨ ᠤ ᠢᠨᠵᠧᠨᠧᠷᠢᠩ ᠤᠨ ᠲᠥᠷᠥᠯ ᠵᠦᠢᠯ ᠪᠠ ᠤᠯᠤᠰ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ | ᠵᠦᠢᠯ ᠢ ᠢᠳᠡᠪᠬᠢᠲᠡᠶ ᠪᠠᠷ ᠴᠢᠷᠮᠠᠶᠢᠨ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠲᠠᠯᠠᠪᠠᠶ ᠶᠢ 100 ᠲᠡᠭᠰᠢ ᠳᠥᠷᠪᠡᠯᠵᠢᠨ ᠺᠢᠯᠤᠮᠧᠲᠷ ᠪᠡᠶᠡᠯᠡᠭᠦᠯᠬᠦ ᠶᠢ | ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠡᠤᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠲᠠᠯ᠎ᠠ ᠪᠠᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠤᠳᠤᠷᠢᠳᠬᠤ | ᠬᠠᠷᠢᠭᠤᠴᠠᠯᠭ᠎ᠠ᠂ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠭᠤᠷᠬᠠᠶ ᠶᠢᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠮᠥᠷᠭᠡ ᠳᠤ ᠣᠷᠣᠭᠤᠯᠬᠤ ᠨᠥᠬᠦᠴᠡᠯ ᠳᠤ ᠨᠡᠶᠢᠴᠡᠬᠦ ᠦᠨᠡᠮᠯᠡᠯ ᠲᠠᠢ ᠦᠢᠯᠡᠳᠪᠦᠷᠢᠯᠡᠯ ᠤᠨ ᠲᠣᠮᠣ | ᠳᠤᠮᠳᠠ ᠬᠡᠯᠪᠡᠷᠢ ᠶᠢᠨ ᠠᠭᠤᠷᠬᠠᠶ ᠶᠢᠨ ᠣᠷᠣᠬᠤ ᠶᠣᠰᠣᠲᠠᠶ ᠶᠢ ᠨᠢ ᠪᠦᠬᠦᠨ ᠢ ᠣᠷᠣᠭᠤᠯᠬᠤ ᠶᠢ ᠠᠬᠢᠭᠤᠯᠬᠤ ᠬᠡᠷᠡᠭᠲᠡᠶ ᠭᠡᠵᠦ ᠳᠤᠷᠠᠳᠪᠠ᠃ ᠬᠡᠮᠵᠢᠨ ᠵᠢᠷᠤᠭᠯᠠᠬᠤ | ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠯ᠎ᠠ ᠪᠠᠷ᠂ 2025 ᠣᠨ ᠪᠣᠯᠬᠤ ᠳᠤ ᠪᠥᠬᠦ ᠣᠷᠣᠨ ᠤ 1᠄ 1 ᠲᠦᠮᠡᠨ ᠬᠠᠷᠢᠴᠠᠯ ᠤᠨ ᠭᠠᠵᠠᠷ ᠤᠨ ᠪᠠᠶᠢᠴᠠ ᠶᠢᠨ | ᠵᠢᠷᠤᠭ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢᠨ ᠲᠠᠯᠠᠪᠠᠶ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠪᠣᠳᠠᠲᠤ ᠦᠵᠡᠮᠵᠢ ᠶᠢᠨ | ᠭᠤᠷᠪᠠᠨ ᠬᠡᠮᠵᠢᠯᠳᠦ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃ ᠬᠢᠨᠠᠨ ᠪᠠᠶᠢᠴᠠᠭᠠᠵᠤ | ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠲᠠᠯ᠎ᠠ ᠪᠠᠷ᠂ ︽ᠤᠯᠠᠭᠠᠨ ᠬᠠᠷ᠎ᠠ ᠰᠠᠮᠪᠠᠷ᠎ᠠ︾ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ ᠬᠠᠤᠯᠢ ᠠᠴᠠ | ᠵᠥᠷᠢᠴᠡᠭᠰᠡᠨ ᠬᠡᠷᠡᠭ ᠦᠭᠡᠢ︾ ᠬᠤᠰᠢᠭᠤ ᠰᠢᠶᠠᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠭᠡᠵᠦ ᠳᠤᠷᠠᠳᠪᠠ᠃ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠡᠭᠦᠷᠢᠳᠡ ᠦᠷᠭᠦᠯᠵᠢᠯᠡᠨ ᠠᠰᠢᠭᠯᠠᠵᠤ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠪᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠲᠠᠢ ᠤᠶᠠᠯᠳᠤᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠳᠤᠷᠠᠳᠪᠠ᠃ | |