︽ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/31
  ᠣᠶᠢᠷ᠎ᠠ ᠳᠤ᠂ ᠮᠠᠨ ᠤ ᠲᠢᠩᠬᠢᠮ ︽ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠥᠰᠥᠭ ﹇2024﹈ 512 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ ᠭᠤᠤᠯᠳᠠᠯᠭ᠎ᠠ ᠨᠢ ᠳᠣᠤᠷᠠᠬᠢ ᠮᠡᠲᠦ ᠲᠠᠶᠢᠯᠤᠮᠵᠢ ᠬᠢᠪᠡ᠄  ᠨᠢᠭᠡ᠂ ᠲᠣᠭᠲᠠᠭᠠᠭᠰᠠᠨ ᠠᠬᠤᠶ ᠪᠠᠶᠢᠳᠠᠯ ᠪᠠ ᠵᠣᠷᠢᠯᠭ᠎ᠠ  ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠣᠷᠣᠨ ᠤ ᠬᠡᠰᠡᠭ ᠤᠨ ᠭᠠᠵᠠᠷ ᠰᠢᠨᠵᠢᠯᠡᠭᠡᠨ ᠤ ᠨᠥᠬᠦᠴᠡᠯ ᠢ ᠲᠦᠷᠭᠡᠨ ᠦᠨᠡᠯᠡᠵᠦ᠂ ᠣᠷᠣᠨ ᠤ ᠬᠡᠰᠡᠭ ᠤᠨ ᠬᠢᠮᠳᠠ ᠪᠠᠷ ᠬᠤᠳᠠᠯᠳᠤᠬᠤ ᠲᠤᠭ᠎ᠠ ᠬᠡᠮᠵᠢᠶ᠎ᠡ ᠶᠢ ᠶᠡᠭᠡ ᠪᠠᠷ ᠨᠡᠮᠡᠭᠳᠡᠭᠦᠯᠦᠨ᠂ ᠠᠭᠤᠷᠬᠠᠶ ᠶᠢᠨ ᠦᠢᠯᠡᠰ ᠤᠨ ᠵᠠᠬ᠎ᠠ ᠳᠡᠯᠭᠡᠭᠦᠷᠴᠢᠯᠡᠨ ᠬᠤᠳᠠᠯᠳᠤᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠭᠤᠷᠬᠠᠶ ᠶᠢᠨ ᠦᠢᠯᠡᠰ ᠤᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠴᠡᠴᠡᠭᠯᠡᠬᠦ ᠶᠢᠨ ᠲᠤᠰᠠᠳᠠ᠂ ᠤᠯᠤᠰ ᠤᠨ ᠬᠤᠯᠪᠣᠭᠳᠠᠯ ᠪᠥᠬᠦᠶ ᠶᠠᠮᠤᠨ ᠵᠥᠪᠯᠡᠯ ᠠᠴᠠ ᠤᠷᠢᠳ ᠬᠤᠵᠢᠳ ︽ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠠᠷᠠᠯᠵᠢᠶᠠᠨ ᠤ ᠲᠦᠷᠢᠮ︾ ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2023﹈ 1 ᠳ᠋ᠦ᠋ᠭᠡᠷ ᠲᠣᠭᠠᠲᠤ︶᠂ ︽ᠬᠢᠮᠳᠠ ᠪᠠᠷ ᠬᠤᠳᠠᠯᠳᠤᠬᠤ ᠣᠷᠣᠨ ᠤ ᠢᠷᠡᠯᠲᠡ ᠶᠢ ᠥᠷᠭᠡᠳᠬᠡᠨ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢ ᠠᠬᠢᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠢᠩᠬᠢᠮ ᠤᠨ ᠲᠠᠷᠬᠠᠭᠠᠭᠰᠠᠨ ﹇ 2024 ﹈ 49 ᠳ᠋ᠦ᠋ᠭᠡᠷ ᠲᠣᠭᠠᠲᠤ︶᠂ ︽ᠠᠭᠤᠷᠬᠠᠶ ᠶᠢᠨ ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠠᠵᠢᠯ ᠢ ᠬᠠᠮᠵᠢᠯᠴᠠᠨ ᠰᠠᠶᠢᠲᠤᠷ ᠬᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ︵ᠲᠤᠷᠰᠢᠨ ᠬᠡᠷᠡᠭᠵᠢᠭᠦᠯᠬᠦ︶︾ ︵ᠪᠠᠶᠢᠭᠠᠯᠢ ᠶᠢᠨ ᠡᠬᠢ ᠪᠠᠶᠠᠯᠢᠭ ᠤᠨ ᠠᠯᠪᠠᠨ ᠲᠢᠩᠬᠢᠮ ᠤᠨ ᠲᠠᠷᠬᠠᠭᠠᠭᠰᠠᠨ ﹇2024﹈ 8 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠂ ᠪᠥᠬᠦ ᠣᠷᠣᠨ ᠤ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠲᠣᠰ ︽ᠮᠡᠳᠡᠭᠳᠡᠯ︾᠎ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃  ᠬᠤᠶᠠᠷ᠂ ᠭᠤᠣᠯ ᠠᠭᠤᠯᠭ᠎ᠠ  ︽ᠮᠡᠳᠡᠭᠳᠡᠯ︾᠎ ᠤᠨ ᠵᠣᠷᠢᠭ ᠰᠠᠨᠠᠭ᠎ᠠ ᠨᠢ ᠨᠡᠶᠢᠲᠡ 5 ᠵᠤᠷᠪᠤᠰ ᠠᠭᠤᠯᠭ᠎ᠠ ᠪᠠᠶᠢᠵᠤ᠂ ᠭᠤᠣᠯ ᠠᠭᠤᠯᠭ᠎ᠠ ᠨᠢ᠄  ︵ᠨᠢᠭᠡ︶ ᠰᠢᠯᠵᠢᠭᠦᠯᠦᠨ ᠬᠤᠳᠠᠯᠳᠤᠬᠤ ᠶᠢ ᠵᠥᠪᠰᠢᠶᠡᠷᠡᠬᠦ ᠨᠥᠬᠦᠴᠡᠯ ᠢ ᠴᠢᠩᠳᠠᠯᠠᠬᠤ ᠬᠡᠷᠡᠭᠲᠡᠶ᠃ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠷᠴᠢᠮᠵᠢᠭᠦᠯᠦᠨ ᠭᠠᠮᠨᠠᠨ ᠠᠰᠢᠭᠯᠠᠬᠤ ᠶᠢ ᠠᠬᠢᠭᠤᠯᠬᠤ ᠶᠢᠨ ᠲᠥᠯᠥᠭᠡ᠂ ︽ᠮᠡᠳᠡᠭᠳᠡᠯ︾᠎ ᠳᠤ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠴᠢᠩᠭᠠᠳᠬᠠᠬᠤ ᠶᠢᠨ ᠲᠥᠯᠥᠭᠡ᠂ ᠰᠢᠨ᠎ᠡ ᠪᠠᠷ ᠪᠠᠶᠢᠭᠤᠯᠤᠭᠰᠠᠨ ᠠᠭᠤᠷᠬᠠᠶ ᠶᠢᠨ ᠦᠢᠯᠡᠰ ᠤᠨ ᠡᠷᠬᠡ ᠨᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ᠣᠷᠣᠨ ᠪᠦᠰᠡ ᠶᠢᠨ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ ᠴᠠᠭᠠᠵᠠᠯᠠᠬᠤ ᠶᠢ ᠴᠠᠭᠠᠵᠠᠯᠠᠬᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠵᠠᠶ᠃  ︵ᠬᠤᠶᠠᠷ︶ ᠠᠭᠤᠷᠬᠠᠶ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ᠡᠬᠢ ᠪᠠᠶᠠᠯᠢᠭ ᠢ ᠰᠢᠯᠵᠢᠭᠦᠯᠦᠨ ᠥᠭᠬᠦ ᠰᠠᠭᠤᠷᠢ ᠲᠤᠭ᠎ᠠ ᠶᠢ ᠴᠠᠭ ᠲᠤᠬᠠᠶ ᠳᠤ ᠨᠢ ᠡᠵᠡᠮᠰᠢᠬᠦ ᠶᠢᠨ ᠲᠥᠯᠥᠭᠡ᠂ ︽ᠮᠡᠳᠡᠭᠳᠡᠯ︾᠎ ᠳᠤ ︽ᠨᠢᠭᠡᠨᠲᠡ ᠠᠭᠤᠷᠬᠠᠶ ᠡᠷᠢᠵᠦ ᠣᠯᠤᠭᠰᠠᠨ ᠦᠷ᠎ᠡ ᠪᠦᠲᠦᠭᠡᠯ᠂ ᠰᠠᠭᠤᠷᠢ ᠭᠠᠵᠠᠷ ᠰᠢᠨᠵᠢᠯᠡᠭᠡᠨ ᠤ ᠮᠠᠲ᠋ᠧᠷᠢᠶᠠᠯ᠂ ᠣᠷᠣᠨ ᠨᠤᠲᠤᠭ ᠤᠨ ᠰᠠᠯᠠᠭ᠎ᠠ ᠮᠥᠴᠢᠷ ᠪᠣᠯᠤᠨ ᠨᠡᠶᠢᠭᠡᠮ ᠤᠨ ᠰᠠᠨᠠᠭᠤᠯᠭ᠎ᠠ︾ ᠵᠡᠷᠭᠡ ᠳᠥᠷᠪᠡᠨ ᠠᠷᠭ᠎ᠠ ᠵᠠᠮ ᠢ ᠲᠣᠳᠣᠷᠬᠠᠶ ᠲᠣᠭᠲᠠᠭᠠᠵᠤ᠂ ᠬᠡᠰᠡᠭ ᠭᠠᠵᠠᠷ ᠤᠨ ᠢᠷᠡᠯᠲᠡ ᠶᠢ ᠴᠠᠭ ᠲᠤᠬᠠᠶ ᠳᠤ ᠨᠢ ᠥᠷᠭᠡᠳᠬᠡᠨ᠎ᠡ᠃ ᠠᠭᠤᠷᠬᠠᠶ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠲᠥᠷᠥᠯ ᠵᠦᠢᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠣᠲᠣ ᠶᠢᠨ ᠪᠠᠶᠢᠭ᠎ᠠ ᠮᠡᠳᠡᠭᠡ ᠵᠠᠩᠭᠢ ᠶᠢᠨ ᠰᠢᠰᠲ᠋ᠧᠮ ᠢ ᠲᠣᠳᠣᠷᠬᠠᠶ ᠲᠣᠭᠲᠠᠭᠠᠵᠤ᠂ ︽ᠨᠢᠭᠡᠳᠦᠯᠲᠡᠶ ᠪᠠᠶᠢᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠴᠠᠭ ᠲᠤᠨᠢ ᠳᠣᠭᠢᠷᠠᠭᠤᠯᠬᠤ᠂ ᠬᠥᠳᠡᠯᠦᠩᠭᠦᠶ ᠪᠠᠷ ᠰᠢᠨᠡᠳᠬᠡᠬᠦ︾ ᠵᠠᠷᠴᠢᠮ ᠶᠣᠰᠣᠭᠠᠷ ᠰᠢᠯᠵᠢᠭᠦᠯᠦᠨ ᠬᠤᠳᠠᠯᠳᠤᠬᠤ ᠲᠥᠷᠥᠯ ᠵᠦᠢᠯ ᠤᠨ ᠬᠥᠮᠥᠷᠭᠡ ᠠᠴᠠ ᠣᠷᠣᠵᠤ ᠭᠠᠷᠬᠤ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠬᠥᠮᠥᠷᠭᠡ ᠠᠴᠠ ᠣᠷᠣᠵᠤ ᠭᠠᠷᠬᠤ ᠶᠠᠪᠤᠴᠠ ᠵᠢᠴᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠶ᠃  ︵ᠭᠤᠷᠪᠠ︶ ᠵᠥᠪᠳᠡᠯᠴᠡᠬᠡᠷ ᠢᠶᠠᠷ ᠬᠢᠮᠳᠠ ᠦᠨ᠎ᠡ ᠪᠠᠷ ᠬᠤᠳᠠᠯᠳᠤᠬᠤ ᠬᠦᠷᠢᠶ᠎ᠡ ᠬᠡᠪᠴᠢᠶ᠎ᠡ ᠶᠢ ᠴᠢᠩᠭ᠎ᠠ ᠬᠢᠵᠠᠭᠠᠷᠯᠠᠪᠠ᠃ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠨᠴᠠᠭᠠᠢ ᠪᠠᠶᠢᠳᠠᠯ ᠠᠴᠠ ᠭᠠᠳᠠᠨ᠎ᠠ᠂ ᠠᠭᠤᠷᠬᠠᠶ ᠶᠢᠨ ᠦᠢᠯᠡᠰ ᠤᠨ ᠡᠷᠬᠡ ᠶᠢ ᠴᠥᠮ ᠵᠥᠪᠳᠡᠯᠴᠡᠬᠡᠷ ᠢᠶᠠᠷ ᠬᠢᠮᠳᠠ ᠪᠠᠷ ᠬᠤᠳᠠᠯᠳᠤᠵᠤ ᠪᠣᠯᠬᠤ ᠦᠭᠡᠶ᠃ ᠡᠭᠦᠨ ᠳᠤ ᠭᠤᠤᠯᠳᠠᠭᠤ ᠳᠥᠷᠪᠡᠨ ᠲᠥᠷᠥᠯ ᠤᠨ ᠤᠨᠴᠠᠭᠠᠢ ᠲᠣᠭᠲᠠᠭᠠᠭᠰᠠᠨ ᠪᠠᠶᠢᠳᠠᠯ ᠪᠠᠭᠲᠠᠨ᠎ᠠ᠄ ᠨᠢᠭᠡ ᠳᠤ᠂ ᠬᠤᠪᠣᠷ ᠰᠢᠷᠣᠶ᠂ ᠰᠠᠴᠤᠷᠠᠭ ᠴᠢᠨᠠᠷᠲᠠᠶ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠲᠥᠷᠥᠯ ᠵᠦᠢᠯ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︔ ᠬᠤᠶᠠᠷ ᠲᠤ᠂ ᠤᠤᠯ ᠤᠨ ᠦᠢᠯᠡᠳᠪᠦᠷᠢᠯᠡᠯ ᠤᠨ ᠰᠢᠰᠲ᠋ᠧᠮ ᠢᠶᠠᠨ ᠠᠰᠢᠭᠯᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ︵ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠰᠢᠷᠣᠶ ᠶᠢᠨ ᠲᠥᠷᠥᠯ ᠤᠨ ᠠᠭᠤᠷᠬᠠᠶ ᠶᠢᠨ ᠭᠠᠷᠤᠯᠲᠠ ᠪᠠᠭᠲᠠᠬᠤ ᠦᠭᠡᠶ︶᠎ ᠢ ᠤᠯᠠᠮ ᠨᠢᠭᠡ ᠠᠯᠬᠤᠮ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠲᠤᠬᠠᠶ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠲᠥᠷᠥᠯ ᠤᠨ ᠠᠭᠤᠷᠬᠠᠶ ᠶᠢᠨ ᠭᠠᠷᠤᠯᠲᠠ ᠪᠠᠭᠲᠠᠬᠤ ᠦᠭᠡᠶ ︵ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠲᠥᠷᠥᠯ ᠤᠨ ᠠᠭᠤᠷᠬᠠᠶ ᠶᠢᠨ ᠭᠠᠷᠤᠯᠲᠠ ᠪᠠᠭᠲᠠᠬᠤ ᠦᠭᠡᠶ︶ ᠬᠡᠰᠡᠭ ᠤᠨ ᠬᠡᠪᠴᠢᠶ᠎ᠡ ᠨᠢ ᠬᠠᠪᠲᠠᠭᠠᠶ ᠡᠭᠴᠡ ᠲᠤᠰᠬᠠᠯᠲᠠ ᠶᠢᠨ ᠬᠡᠪᠴᠢᠶᠡᠨ ᠠᠴᠠ ᠬᠡᠲᠦᠷᠡᠭᠰᠡᠨ ᠦᠭᠡᠶ ᠨᠢᠭᠡᠨᠲᠡ ᠪᠠᠶᠢᠭᠤᠯᠤᠭᠰᠠᠨ ᠠᠭᠤᠷᠬᠠᠶ ᠮᠠᠯᠲᠠᠬᠤ ᠡᠷᠬᠡ ᠶᠢᠨ ᠭᠦᠨ ᠬᠡᠰᠡᠭ ᠪᠤᠶᠤ ᠳᠡᠭᠡᠳᠦ ᠬᠡᠰᠡᠭ ᠤᠨ ᠡᠬᠢ ᠪᠠᠶᠠᠯᠢᠭ᠂ ᠬᠥᠷᠰᠢ ᠵᠡᠷᠭᠡᠯᠡᠳᠡᠭᠡ ᠠᠭᠤᠷᠬᠠᠶ ᠶᠢᠨ ᠦᠢᠯᠡᠰ ᠤᠨ ᠡᠷᠬᠡ ᠶᠢᠨ ᠬᠤᠭᠤᠷᠣᠨᠳᠣᠬᠢ ᠡᠭᠴᠡ ᠰᠢᠯᠤᠭᠤᠨ ᠵᠠᠶ ᠶᠢ 350 ᠮᠧᠲᠷ ᠠᠴᠠ ᠳᠠᠪᠠᠭᠤᠯᠬᠤ ᠦᠭᠡᠶ ᠮᠥᠷᠲᠡᠭᠡᠨ ᠰᠢᠯᠵᠢᠭᠦᠯᠦᠨ ᠮᠠᠯᠲᠠᠬᠤ ᠨᠥᠬᠦᠴᠡᠯ ᠳᠤ ᠨᠡᠶᠢᠴᠡᠬᠦ ᠡᠷᠭᠢᠨ ᠲᠣᠭᠤᠷᠢᠨ ᠤ ᠡᠬᠢ ᠪᠠᠶᠠᠯᠢᠭ ᠪᠣᠯᠤᠨ᠎ᠠ᠃  ︵ᠳᠥᠷᠪᠡ︶ ᠰᠢᠯᠵᠢᠭᠦᠯᠦᠨ ᠥᠭᠬᠦ ᠠᠵᠢᠯ ᠤᠨ ᠴᠤᠪᠤᠷᠠᠯ ᠢ ᠪᠦᠬᠦ ᠲᠠᠯ᠎ᠠ ᠪᠠᠷ ᠵᠢᠷᠤᠮᠵᠢᠭᠤᠯᠪᠠ᠃ ᠠᠵᠢᠯ ᠤᠨ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠲᠠᠰ ᠳᠠᠪᠬᠤᠷᠭ᠎ᠠ ᠶᠢ ᠪᠠᠭᠠᠰᠬᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ︽ᠮᠡᠳᠡᠭᠳᠡᠯ︾᠎ ᠳᠤ ᠨᠡᠭᠦᠷᠡᠰᠦ ᠶᠢ ᠴᠡᠭᠴᠡᠯᠡᠨ ᠤᠭᠰᠠᠷᠠᠭᠤᠯᠬᠤ ᠬᠤᠳᠳᠤᠭ ᠠᠴᠠ ᠭᠠᠳᠠᠨ᠎ᠠ᠂ ᠪᠤᠰᠤᠳ ᠲᠢᠩᠬᠢᠮ ᠲᠠᠷᠬᠠᠭᠠᠬᠤ ᠲᠢᠩᠬᠢᠮ ᠤᠨ ᠡᠷᠬᠡ ᠮᠡᠳᠡᠯ ᠤᠨ ᠬᠡᠪᠴᠢᠶ᠎ᠡ ᠲᠠᠢ ᠠᠭᠤᠷᠬᠠᠢ ᠶᠢᠨ ᠦᠢᠯᠡᠰ ᠤᠨ ᠡᠷᠬᠡ ᠶᠢ ᠠᠶᠢᠮᠠᠭ ᠬᠤᠲᠠ ᠳᠤ ᠨᠠᠶᠢᠳᠠᠵᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠭᠤᠷᠬᠠᠶ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ᠂ ᠵᠥᠪᠯᠡᠯᠴᠡᠭᠡᠷ ᠢᠶᠠᠷ ᠰᠢᠯᠵᠢᠭᠦᠯᠦᠨ ᠥᠭᠬᠦ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠨᠠᠷᠢᠯᠢᠬᠵᠢᠭᠤᠯᠪᠠ︔ ᠠᠭᠤᠷᠬᠠᠶ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠰᠢᠯᠵᠢᠭᠦᠯᠦᠨ ᠥᠭᠬᠦ ᠠᠴᠠ ᠡᠮᠦᠨ᠎ᠡ ᠬᠥᠭᠵᠢᠭᠦᠯᠦᠯᠲᠡ ᠥᠭᠡᠷᠡᠴᠢᠯᠡᠯᠲᠡ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠡᠨᠧᠷᠭᠢ᠂ ᠣᠶ ᠰᠢᠭᠤᠶ ᠡᠪᠡᠰᠦ ᠪᠡᠯᠴᠢᠭᠡᠷ᠂ ᠲᠡᠤᠬᠡ ᠶᠢᠨ ᠳᠤᠷᠠᠰᠬᠠᠯᠲᠤ ᠵᠦᠢᠯᠡᠰ᠂ ᠴᠡᠷᠢᠭ ᠤᠨ ᠶᠠᠪᠤᠳᠠᠯ ᠵᠡᠷᠭᠡ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠤᠨ ᠬᠤᠰᠢᠭᠤ ︵ᠰᠢᠶᠠᠨ᠂ ᠲᠣᠭᠤᠷᠢᠭ︶᠎ ᠤ ᠵᠠᠰᠠᠭ ᠤᠨ ᠣᠷᠳᠣᠨ ᠤ ᠰᠠᠨᠠᠯ ᠢ ᠬᠤᠷᠢᠶᠠᠵᠤ᠂ ᠨᠥᠬᠦᠴᠡᠯ ᠳᠤ ᠨᠡᠶᠢᠴᠡᠬᠦ ᠶᠢ ᠨᠢ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠰᠠᠭ ᠵᠠᠬᠢᠷᠭ᠎ᠠ ᠪᠠᠷ ᠵᠥᠪᠰᠢᠶᠡᠷᠡᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ︶ ᠰᠤᠳᠤᠯᠤᠨ ᠵᠥᠪᠰᠢᠶᠡᠷᠡᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃  ︵ᠲᠠᠪᠤ︶ ᠬᠤᠯᠪᠣᠭᠳᠠᠯ ᠪᠦᠬᠦᠢ ᠱᠠᠭᠠᠷᠳᠠᠯᠭ᠎ᠠ᠃ ︽ᠮᠡᠳᠡᠭᠳᠡᠯ︾᠎ ᠳᠤ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠬᠦ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠢᠯᠵᠢᠭᠦᠯᠦᠨ ᠥᠭᠬᠦ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠶᠢ ᠴᠢᠩᠭᠠᠳᠬᠠᠬᠤ᠂ ᠰᠢᠯᠵᠢᠭᠦᠯᠦᠨ ᠥᠭᠬᠦ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠬᠤ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃  ᠭᠤᠷᠪᠠ᠂ ᠬᠤᠯᠪᠣᠭᠳᠠᠯ ᠪᠦᠬᠦᠢ ᠲᠣᠳᠣᠷᠬᠠᠶᠢᠯᠠᠯᠲᠠ  ᠮᠡᠳᠡᠭᠳᠡᠯ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2 ᠵᠢᠯ᠂ ᠤᠤᠯ ᠤᠨ ᠲᠢᠩᠬᠢᠮ ᠤᠨ ᠲᠠᠷᠬᠠᠭᠠᠭᠰᠠᠨ ᠥᠪᠥᠷ ᠪᠠᠶᠢᠭᠠᠯᠢ ᠶᠢᠨ ᠡᠬᠢ ᠪᠠᠶᠠᠯᠢᠭ ᠦᠰᠦᠭ ﹇2023﹈ 19 ᠳ᠋ᠤᠭᠡᠷ ᠲᠣᠭᠠᠲᠤ᠂ ᠥᠪᠥᠷ ᠪᠠᠶᠢᠭᠠᠯᠢ ᠶᠢᠨ ᠡᠬᠢ ᠪᠠᠶᠠᠯᠢᠭ ᠦᠰᠦᠭ ﹇2023﹈ 340 ᠳ᠋ᠦ᠋ᠭᠡᠷ ᠲᠣᠭᠠᠲᠤ᠂ ᠥᠪᠥᠷ ᠪᠠᠶᠢᠭᠠᠯᠢ ᠶᠢᠨ ᠡᠬᠢ ᠪᠠᠶᠠᠯᠢᠭ ᠦᠰᠦᠭ ﹇2023﹈ 584 ᠳ᠋ᠦ᠋ᠭᠡᠷ ᠲᠣᠭᠠᠲᠤ ᠵᠡᠷᠭᠡ ᠪᠢᠴᠢᠭ ᠮᠠᠲ᠋ᠧᠷᠢᠶᠠᠯ ᠤᠨ ᠬᠡᠰᠡᠭ ᠵᠦᠢᠯ ᠵᠤᠷᠪᠤᠰ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠨᠢᠭᠡᠨᠲᠡ ᠨᠡᠶᠢᠴᠡᠬᠦ ᠦᠭᠡᠢ᠂ ︽ᠮᠡᠳᠡᠭᠳᠡᠯ︾᠎ ᠤᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ ᠤᠤᠯ ᠤᠨ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ﹇2024﹈ 57 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠨᠢ ᠤᠰᠤᠨ ᠠᠰᠢᠭᠯᠠᠯᠲᠠ᠂ ᠲᠡᠤᠬᠡ ᠶᠢᠨ ᠳᠤᠷᠠᠰᠬᠠᠯᠲᠤ ᠵᠦᠢᠯᠡᠰ᠂ ᠵᠠᠮ ᠬᠠᠷᠢᠯᠴᠠᠭ᠎ᠠ᠂ ᠴᠡᠷᠢᠭ ᠤᠨ ᠶᠠᠪᠤᠳᠠᠯ ᠵᠡᠷᠭᠡ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢ ᠬᠢᠨᠠᠨ ᠪᠠᠶᠢᠴᠠᠭᠠᠯᠭᠠᠬᠤ ᠪᠠᠷ ᠱᠠᠭᠠᠷᠳᠠᠭᠰᠠᠨ ᠥᠬᠡᠶ᠂ ᠲᠣᠰ ᠤᠳᠠᠭᠠᠨ ᠤ ᠮᠡᠳᠡᠭᠳᠡᠯ ᠢ ᠬᠦᠴᠦᠨ ᠥᠬᠡᠶ ᠪᠣᠯᠭᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ