ᠥᠪᠥᠷ ᠮᠣᠩᠭᠤᠯ ᠤᠨ ᠸᠧᠶ ᠶᠧ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠵᠥᠪᠯᠡᠯᠭᠡ ᠥᠭᠴᠦ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠴᠢᠳᠠᠮᠵᠢ ᠶᠢ ᠬᠤᠪᠢᠷᠠᠭᠤᠯᠬᠤ ᠪᠠᠷ ᠭᠤᠶᠤᠴᠢᠯᠠᠬᠤ ᠬᠤᠯᠪᠣᠭᠳᠠᠯ ᠪᠥᠬᠦᠶ ᠮᠡᠷᠭᠡᠵᠢᠯ ᠤᠨ ᠠᠵᠢᠯᠲᠠᠨ ᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/10/9
  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠬᠢᠨᠠᠨ ᠪᠠᠶᠢᠴᠠᠭᠠᠬᠤ ᠪᠠᠷ ᠳᠡᠮᠵᠢᠨ᠂ ᠥᠪᠥᠷ ᠮᠣᠩᠭᠤᠯ ᠤᠨ ᠸᠧᠶ ᠶᠧ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠵᠥᠪᠯᠡᠯᠭᠡ ᠥᠭᠴᠦ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠴᠢᠳᠠᠮᠵᠢ ᠶᠢ ᠬᠤᠪᠢᠷᠠᠭᠤᠯᠬᠤ ᠪᠠᠷ ᠭᠤᠶᠤᠴᠢᠯᠠᠬᠤ ᠬᠤᠯᠪᠣᠭᠳᠠᠯ ᠪᠥᠬᠦᠶ ᠮᠡᠷᠭᠡᠵᠢᠯ ᠤᠨ ᠠᠵᠢᠯᠲᠠᠨ ᠢ ᠵᠥᠪᠰᠢᠶᠡᠷᠡᠪᠡ᠃  ᠬᠤᠪᠢᠷᠠᠭᠤᠯᠬᠤ ᠵᠦᠢᠯᠡᠰ᠄  ︵ᠨᠢᠭᠡ︶ ᠲᠤᠰᠢᠶᠠᠯ ᠠᠴᠠ ᠪᠠᠨ ᠰᠠᠯᠤᠭᠰᠠᠨ ᠬᠦᠮᠦᠨ᠄ ᠴᠧᠨ ᠬᠤᠩ ᠶᠢᠤ᠂ ᠪᠠᠷᠢᠯᠭ᠎ᠠ ᠶᠢᠨ ᠬᠡᠮᠵᠢᠯᠲᠡ ᠶᠢᠨ ᠢᠨᠵᠧᠨᠧᠷ᠃  ︵ᠬᠤᠶᠠᠷ︶ ᠨᠡᠮᠡᠵᠦ ᠨᠦᠬᠦᠪᠦᠷᠢᠯᠡᠭᠰᠡᠨ ᠬᠦᠮᠦᠨ᠄ ᠡᠦ ᡁᠢ ᠶᠦᠩ᠂ ᠬᠡᠮᠵᠢᠨ ᠵᠢᠷᠤᠬᠤ ᠢᠨᠵᠧᠨᠧᠷᠢᠩ ᠤᠨ ᠢᠨᠵᠧᠨᠧᠷ᠃  ᠣᠨᠴᠠᠭᠠᠶᠢᠯᠠᠨ ᠵᠠᠷᠯᠠᠨ ᠨᠡᠶᠢᠲᠡᠯᠡᠪᠡ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  2024 ᠣᠨ ᠤ 10 ᠳ᠋ᠤᠭᠠᠷ ᠰᠠᠷ᠎ᠠ ᠶᠢᠨ 9᠎ ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ