11 ᠳ᠋ᠦ᠋ᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ︾ | ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ — ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠤᠶ᠎ᠠ︾ ᠭᠡᠬᠦ ᠲᠤᠰᠬᠠᠶ ᠲᠠᠯᠠᠪᠠᠶ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠪᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ | ᠳᠠᠷᠤᠭ᠎ᠠ ᠵᠣᠣ ᠳ᠋ᠠ ᠶᠦᠩ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | | | | | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ︽ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠡᠭᠦᠷᠢᠳᠡ ᠠᠰᠢᠭᠯᠠᠵᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠮᠡᠳᠡᠭᠳᠡᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ ᠵᠡᠷᠭᠡ 6 ᠲᠠᠯ᠎ᠠ ᠪᠠᠷ 48 ᠪᠣᠳᠠᠲᠠᠶ ᠠᠷᠭ᠎ᠠ ᠬᠡᠮᠵᠢᠶ᠎ᠡ ᠳᠤᠷᠠᠳᠪᠠ᠃ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠪᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ | ᠪᠦᠬᠦ ᠶᠠᠪᠤᠴᠠ ᠳᠤ ᠲᠤᠭᠤᠰᠢᠯᠠᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠪᠡᠷᠲᠡᠭᠡᠨ | ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠳᠤ ᠰᠠᠭᠤᠷᠢ ᠲᠠᠯᠪᠢᠨ᠎ᠠ᠃ ᠬᠠᠲᠤᠨ | ᠭᠤᠤᠯ ᠤᠨ ᠰᠠᠪᠠ ᠭᠠᠵᠠᠷ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ | ᠬᠠᠲᠤᠨ ᠭᠤᠤᠯ ᠳᠠᠭᠠᠤ ᠶᠢᠨ ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ | ᠪᠣᠳᠣᠯᠭ᠎ᠠ ᠪᠠ ᠳᠦᠷᠢᠮ ᠢ ᠨᠠᠶᠢᠳᠠᠪᠤᠷᠢᠵᠢᠭᠤᠯᠵᠤ᠂ ᠬᠤᠲᠠᠴᠢᠯᠠᠭᠰᠠᠨ ᠭᠠᠵᠠᠷ ᠣᠷᠣᠨ᠂ ᠲᠠᠷᠢᠶᠠᠯᠠᠩ ᠤᠨ ᠪᠦᠲᠦᠭᠡᠭᠳᠡᠬᠦᠨ ᠤ ᠭᠤᠤᠯ ᠭᠠᠷᠤᠯᠲᠠ ᠶᠢᠨ ᠣᠷᠣᠨ᠂ | ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠣᠷᠣᠨ ᠵᠠᠶ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠶ ᠰᠢᠯᠢᠳᠡᠭᠵᠢᠭᠦᠯᠦᠨ᠎ᠡ᠃ ︽ᠭᠤᠷᠪᠠᠨ | ᠣᠷᠣᠨ ᠭᠤᠷᠪᠠᠨ ᠱᠤᠭᠤᠮ︾ ᠤᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ 1.7050 ᠳ᠋ᠦᠩᠰᠢᠭᠤᠷ ᠮᠥ ᠲᠠᠷᠢᠶᠠᠨ | ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠲᠣᠬᠢᠷᠠᠭᠤᠯᠤᠯᠲᠠ ᠬᠢᠵᠦ ᠬᠡᠷᠡᠭᠵᠢᠭᠦᠯᠬᠦ ᠠᠷᠭ᠎ᠠ | ᠵᠠᠮ ᠢ ᠬᠠᠶᠢᠨ ᠰᠦᠪᠡᠭᠴᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ | ᠱᠤᠭᠤᠮ ᠤᠨ ᠬᠠᠮᠢᠶᠠᠷᠤᠨ ᠡᠵᠡᠮᠳᠡᠬᠦ ᠱᠤᠭᠤᠮ ᠠᠴᠠ ᠳᠠᠪᠠᠭ᠋ᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ︵2021 — 2035︶︾ ᠨᠢ 2023 ᠣᠨ ᠤ 12 ᠳ᠋ᠤᠭᠠᠷ ᠰᠠᠷ᠎ᠠ ᠶᠢᠨ | 18 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠭᠥᠷᠳᠡᠪᠡ᠃ ᠬᠥᠬᠡᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠶᠡᠷᠦᠩᠬᠡᠶ ᠲᠥᠯᠥᠪᠵᠢᠭᠦᠯᠭᠡ ᠶᠢ ᠨᠢᠭᠡᠨᠲᠡ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠠᠴᠠ ᠭᠠᠳᠠᠨ᠎ᠠ᠂ ᠪᠤᠰᠤᠳ ᠠᠶᠢᠮᠠᠭ | ᠬᠤᠲᠠ ᠵᠢᠴᠢ ᠬᠠᠷᠢᠶ᠎ᠠ ᠪᠦᠬᠦᠢ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠨᠢ ᠴᠥᠮ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢ ᠣᠯᠵᠠᠢ᠃ | ᠠᠷᠪᠢᠯᠠᠨ ᠭᠠᠮᠨᠠᠵᠤ ᠡᠷᠴᠢᠮᠵᠢᠭᠦᠯᠬᠦ ᠶᠢ ᠪᠠᠷᠢᠮᠲᠠᠯᠠᠵᠤ᠂ ᠡᠬᠢ ᠪᠠᠶᠠᠯᠢᠭ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠪᠠ᠃ ︽ᠲᠥᠷᠥᠯ | ᠵᠦᠢᠯ ᠤᠨ ᠨᠠᠷᠢᠨ ᠬᠠᠭᠤᠳᠠᠰᠤ ᠶᠢᠨ ᠰᠠᠭᠤᠷᠢ ᠭᠦᠢᠴᠡᠳᠭᠡᠯ ᠲᠤᠭ᠎ᠠ ᠶᠢᠨ ᠱᠠᠩᠨᠠᠨ ᠬᠦᠬᠢᠭᠦᠯᠬᠦ ᠭᠦᠢᠴᠡᠳᠭᠡᠯ ᠲᠤᠭ᠎ᠠ ᠶᠢᠨ ᠦᠯᠡᠳᠡᠭᠡᠯ ᠭᠦᠢᠴᠡᠳᠭᠡᠯ ᠲᠤᠭ᠎ᠠ︾ ᠶᠢᠨ | ᠵᠠᠭᠪᠤᠷ ᠶᠤᠰᠤᠭᠠᠷ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠦᠯᠦᠪᠯᠡᠭᠡ ᠶᠢᠨ ᠭᠦᠢᠴᠡᠳᠭᠡᠯ ᠲᠤᠭ᠎ᠠ ᠶᠢᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠤᠲᠠ ᠬᠥᠳᠡᠭᠡ ᠶᠢᠨ ᠨᠢᠭᠡᠳᠦᠯᠲᠡᠶ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠪᠠᠶᠢᠭᠤᠯᠬᠤ ᠬᠡᠷᠡᠭᠲᠡᠶ᠃ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠳᠤ ᠰᠢᠨ᠎ᠡ ᠪᠠᠷ | ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾ ᠢ 100% ᠪᠠᠷ ᠬᠠᠩᠭᠠᠬᠤ ᠶᠢ ᠦᠷᠭᠦᠯᠵᠢᠯᠡᠨ ᠠᠬᠢᠭᠤᠯᠵᠤ᠂ ᠣᠯᠠᠨ | ᠡᠰᠢᠵᠢᠭᠦᠯᠦᠨ ᠭᠠᠵᠠᠷ ᠬᠠᠩᠭᠠᠬᠤ ᠶᠢ ᠬᠡᠷᠡᠭᠵᠢᠭᠦᠯᠦᠨ᠂ ᠭᠠᠵᠠᠷ ᠰᠢᠷᠣᠶ ᠶᠢᠨ ᠡᠬᠢ ᠪᠠᠶᠠᠯᠢᠭ ᠤᠨ ᠥᠷᠲᠡᠭ ᠢ ᠨᠡᠩ ᠰᠠᠶᠢᠲᠤᠷ ᠪᠠᠳᠠᠷᠠᠭᠤᠯᠤᠨ᠎ᠠ᠃ ︽ᠨᠡᠮᠡᠵᠦ | ᠬᠠᠳᠡᠭᠠᠯᠠᠬᠤ ᠶᠢ ᠬᠤᠯᠪᠣᠭᠳᠠᠭᠤᠯᠬᠤ︾ ᠲᠣᠠᠠᠳᠡᠴᠠ ᠶᠢ ᠨᠡᠶᠢᠳᠡᠪᠦᠷᠢᠵᠢᠭᠤᠯᠵᠦ᠂ ᠰᠣᠯᠡ ᠬᠠᠶᠠᠭᠳᠠᠵᠤ ᠪᠠᠶᠢᠭ᠎ᠠ ᠭᠠᠵᠡᠷ ᠰᠢᠷᠦᠢ ᠶᠢ ᠢᠳᠡᠪᠬᠢᠳᠡᠢ ᠪᠠᠷ ᠠᠮᠢᠯᠠᠭᠤᠯᠵᠦ᠂ | ᠦᠷ᠎ᠠ ᠠᠰᠢᠭ ᠢᠶᠠᠷ ᠲᠣᠣᠷ᠎ᠠ ᠭᠠᠵᠡᠷ ᠰᠢᠷᠦᠢ ᠶᠢ ᠳᠡᠬᠢᠨ ᠠᠰᠢᠠᠠᠯᠠᠬᠤ ᠶᠢ ᠰᠦᠪᠡᠭᠴᠢᠯᠡᠨ᠎ᠠ᠃ | ᠵᠠᠰᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠨᠢᠭᠡᠳᠦᠯᠲᠡᠢ ᠲᠦᠯᠦᠪᠵᠢᠭᠦᠯᠪᠡ᠃ ᠤᠯᠤᠰ ᠤᠨ | ᠠᠭᠤᠯᠠ ᠤᠰᠤᠨ ᠤ ᠢᠨᠵᠧᠨᠧᠷᠢᠩ ᠪᠠ ᠤᠯᠤᠰ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠴᠢᠷᠮᠠᠶᠢᠨ ᠣᠯᠵᠤ᠂ ᠭᠤᠷᠪᠠᠨ ᠶᠡᠭᠡ ᠪᠡᠯᠭᠡ | ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠪᠥᠬᠦ ᠲᠠᠯ᠎ᠠ ᠪᠠᠷ ᠬᠦᠴᠦᠯᠡᠨ ᠰᠠᠶᠢᠲᠤᠷ ᠬᠢᠨ᠎ᠠ᠃ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ | ᠠᠮᠢ ᠠᠬᠤᠶ ᠶᠢ ᠰᠡᠷᠭᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 3 ᠵᠢᠱᠢᠶ᠎ᠡ ᠦᠵᠡᠭᠦᠯᠬᠦ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠷᠨᠢᠭᠦᠯᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠠᠭᠤᠷᠬᠠᠶ | ᠵᠢᠴᠢ ᠡᠷᠬᠢᠨ ᠲᠣᠭᠤᠷᠢᠨ ᠤ 10 ᠺᠢᠯᠤᠮᠧᠲᠷ ᠤᠨ ᠵᠠᠰᠠᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 100 ᠲᠡᠭᠰᠢ ᠳᠥᠷᠪᠡᠯᠵᠢᠨ ᠺᠢᠯᠤᠮᠧᠲᠷ ᠰᠡᠷᠭᠦᠭᠡᠨ ᠵᠠᠰᠠᠬᠤ ᠶᠢ ᠦᠨᠡᠨ ᠬᠦ ᠪᠠᠲᠤᠯᠠᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠡᠭ ᠪᠣᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠡᠯ᠎ᠡ ᠱᠠᠲᠤᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠬᠥᠮᠥᠷᠭᠡ ᠳᠤ ᠣᠷᠣᠭᠤᠯᠬᠤ ᠨᠥᠬᠦᠴᠡᠯ ᠳᠤ ᠨᠡᠶᠢᠴᠡᠬᠦ ᠦᠨᠡᠮᠯᠡᠯ ᠲᠠᠢ ᠦᠢᠯᠡᠳᠪᠦᠷᠢᠯᠡᠯ ᠤᠨ ᠲᠣᠮᠣ | ᠳᠤᠮᠳᠠ ᠬᠡᠯᠪᠡᠷᠢ ᠶᠢᠨ ᠠᠭᠤᠷᠬᠠᠶ ᠶᠢᠨ ᠣᠷᠣᠬᠤ ᠶᠣᠰᠣᠲᠠᠶ ᠶᠢ ᠨᠢ ᠪᠦᠬᠦᠨ ᠢ ᠣᠷᠣᠭᠤᠯᠬᠤ ᠶᠢ ᠠᠬᠢᠭᠤᠯᠪᠠ᠃ | ︽ᠤᠯᠤᠰ ᠤᠨ ᠶᠡᠭᠡ ᠲᠠᠯ᠎ᠠ︾ ᠶᠢ ᠪᠠᠷᠢᠮᠲᠠᠯᠠᠵᠤ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠪᠠ᠃ ᠬᠤᠵᠢᠷᠯᠢᠭ ᠭᠠᠵᠠᠷ ᠵᠡᠷᠭᠡ | ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠠᠬᠢᠭᠤᠯᠵᠤ᠂ 2025 ᠣᠨ ᠳᠤ ᠪᠥᠬᠦ ᠣᠷᠣᠨ ᠤ ᠰᠢᠨ᠎ᠡ ᠪᠠᠷ 4 ᠲᠦᠮᠡᠨ ᠮᠥ ᠲᠠᠷᠢᠶᠠᠨ | ᠭᠠᠵᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠲᠦᠯᠬᠢᠨ | ᠠᠬᠢᠭᠤᠯᠵᠤ᠂ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠬᠤ | ᠠᠵᠢᠯ ᠢ ᠴᠢᠩᠭᠠᠳᠬᠠᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠠᠴᠠ ᠪᠠᠭᠤᠯᠭᠠᠭᠰᠠᠨ 13 ᠵᠦᠢᠯ ᠤᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠠᠭᠤᠷᠬᠠᠶ ᠡᠷᠢᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ︽ᠠᠭᠤᠷᠬᠠᠶ ᠶᠢᠨ | ᠦᠢᠯᠡᠰ ᠤᠨ ᠡᠷᠬᠡ ᠶᠢ ᠬᠢᠮᠳᠠ ᠪᠠᠷ ᠬᠤᠳᠠᠯᠳᠤᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠢ ᠲᠣᠭᠲᠠᠭᠠᠵᠤ᠂ ᠠᠭᠤᠷᠬᠠᠶ ᠶᠢᠨ | ᠦᠢᠯᠡᠰ ᠤᠨ ᠡᠷᠬᠡ ᠶᠢ ᠥᠷᠢᠰᠥᠯᠳᠦᠭᠦᠯᠦᠨ ᠬᠢᠮᠳᠠ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠤᠨ ᠠᠰᠢᠭ ᠣᠯᠵᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ︽ᠬᠠᠩᠭᠠᠯᠭ᠎ᠠ ᠶᠢ ᠪᠠᠲᠤᠯᠠᠬᠤ︾ ᠨᠡᠭᠦᠷᠡᠰᠦᠨ ᠠᠭᠤᠷᠬᠠᠢ ᠶᠢᠨ ᠭᠠᠵᠠᠷ ᠬᠡᠷᠡᠭᠯᠡᠬᠦ ᠶᠢ | ᠪᠠᠲᠤᠯᠠᠬᠤ ᠪᠠ ᠵᠥᠪᠰᠢᠶᠡᠷᠡᠭᠰᠡᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠳᠦᠷᠢᠮ ᠤᠨ ᠲᠤᠭᠲᠠᠯᠴᠠᠭ᠎ᠠ ᠶᠢ ᠪᠦᠷᠢᠨᠰᠢᠭᠦᠯᠪᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠳᠦᠷᠢᠮ︾ ᠵᠡᠷᠭᠡ ᠳᠦᠬᠦᠷ ᠳᠦᠷᠢᠮ ᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠲᠦᠷᠭᠡᠳᠬᠡᠨ ᠠᠬᠢᠭᠤᠯᠬᠤ | ᠬᠡᠷᠡᠭᠲᠡᠶ᠃ ᠠᠷᠠᠳ ᠨᠡᠶᠢᠲᠡ ᠶᠢᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠲᠤᠷᠰᠢᠨ ᠨᠠᠶᠢᠷᠠᠭᠤᠯᠬᠤ ᠠᠵᠢᠯ ᠢ ᠭᠦᠨᠵᠡᠭᠡᠶᠢᠷᠡᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠲᠥᠯᠥᠪᠦᠷᠢ ᠲᠠᠢ | ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠵᠤ ᠳᠠᠩᠰᠠᠯᠠᠭᠤᠯᠬᠤ ᠶᠢ ᠠᠬᠢᠭᠤᠯᠵᠤ᠂ | ᠬᠠᠷᠢᠶᠠᠯᠠᠯ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠡᠷᠭᠢᠯᠲᠡ ᠨᠢ ᠤᠷᠤᠭᠰᠢᠲᠠᠶ᠂ ᠬᠠᠮᠠᠭᠠᠯᠠᠯᠲᠠ ᠨᠢ ᠴᠢᠩᠭ᠎ᠠ᠂ ᠬᠢᠨᠠᠯᠲᠠ ᠬᠠᠮᠢᠶᠠᠷᠤᠯᠲᠠ ᠨᠢ | ᠪᠦᠲᠦᠮᠵᠢᠲᠡᠶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠢ ᠪᠦᠲᠦᠭᠡᠨ ᠪᠠᠶᠢᠭᠤᠯᠬᠤ ᠳᠤ ᠬᠦᠴᠦᠲᠡᠶ ᠪᠠᠶᠢᠭᠠᠯᠢ ᠶᠢᠨ ᠡᠬᠢ ᠪᠠᠶᠠᠯᠢᠭ ᠤᠨ ᠪᠠᠲᠤᠯᠠᠭ᠎ᠠ ᠬᠠᠩᠭᠠᠪᠠ᠃ | |