ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠄ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠡᠨᠧᠷᠭᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/11/19
  ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 11 ᠳ᠋ᠦ᠋ᠭᠡᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ︵ᠯᠢᠦ ᠢ ᠯᠢᠨ᠂ ᠳᠠᠳᠤᠯᠭ᠎ᠠ ᠶᠢᠨ ᠰᠣᠷᠣᠭᠴᠢ ᠯᠢ ᠷᠦᠩ︶ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ — ︽ᠡᠨᠧᠷᠭᠢ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ︾ ᠭᠡᠬᠦ ᠲᠤᠰᠬᠠᠢ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃
11.19.jpg
  ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠠᠯᠠᠪᠠᠢ᠃ ᠠᠷᠠᠳ ᠤᠨ ᠰᠦᠯᠵᠢᠶᠡᠨ ᠤ ᠰᠤᠷᠪᠤᠯᠵᠢᠯᠠᠭᠴᠢ  ᠯᠢᠦ ᠢ ᠯᠢᠨ ᠰᠡᠭᠦᠳᠡᠷᠯᠡᠪᠡ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠶᠢᠩ ᠳ᠋ᠡ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠲᠦᠭᠦᠬᠡᠢ ᠠᠭᠤᠷᠬᠠᠢ ᠶᠢᠨ ᠭᠠᠷᠤᠯᠲᠠ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃  ᠨᠢᠭᠡ ᠳᠤ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ᠂ ᠲᠥᠷᠥ ᠶᠢᠨ ᠪᠣᠳᠣᠯᠭ᠎ᠠ ᠪᠠᠷ ᠲᠤᠯᠭᠠᠭᠤᠷᠢᠯᠠᠬᠤ ᠶᠢ ᠪᠠᠷᠢᠮᠲᠠᠯᠠᠨ᠂ ᠡᠨᠧᠷᠭᠢ ᠡᠬᠢ ᠪᠠᠶᠠᠯᠢᠭ ᠢ ᠠᠰᠢᠭᠯᠠᠬᠤ ᠵᠠᠭᠪᠤᠷ ᠢ ︽ᠳᠥᠭᠦᠮ ᠪᠦᠳᠦᠭᠦᠯᠢᠭ︾ ᠪᠠᠶᠢᠭᠰᠠᠨ ᠠᠴᠠ ᠨᠢ ︽ᠠᠷᠪᠢᠲᠠᠢ ᠡᠷᠴᠢᠮᠯᠢᠭ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ︽ᠲᠥᠷᠥᠯ ᠵᠦᠢᠯ ᠨᠢ ᠲᠦᠯᠦᠪᠵᠢᠭᠦᠯᠭᠡ ᠪᠠᠨ ᠳᠠᠭᠠᠬᠤ᠂ ᠡᠬᠢ ᠪᠠᠶᠠᠯᠢᠭ ᠤᠨ ᠬᠦᠴᠦᠨ ᠵᠦᠢᠯ ᠨᠢ ᠲᠥᠷᠥᠯ ᠵᠦᠢᠯ ᠢᠶᠠᠨ ᠳᠠᠭᠠᠬᠤ︾ ᠶᠢ ᠪᠠᠷᠢᠮᠲᠠᠯᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠵᠢᠴᠢ ᠬᠡᠪᠴᠢᠶ᠎ᠡ ᠶᠢ ᠠᠶᠢᠮᠠᠭ ᠬᠤᠲᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠨᠢᠭᠡᠳᠦᠯᠲᠡᠢ ᠲᠥᠯᠥᠪᠯᠡᠨ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠡᠭᠡᠯᠵᠢ ᠶᠢᠨ ᠠᠭᠤᠷᠬᠠᠢ ᠶᠢᠨ ᠡᠬᠢ ᠪᠠᠶᠠᠯᠢᠭ ᠤᠨ ᠲᠥᠯᠦᠪᠵᠢᠭᠦᠯᠭᠡ ᠶᠢᠨ ᠲᠣᠬᠢᠷᠠᠭᠤᠯᠤᠯᠲᠠ ᠶᠢ ᠡᠬᠢᠯᠡᠭᠦᠯᠦᠨ ᠪᠡᠶᠡᠯᠡᠭᠦᠯᠵᠦ᠂ ᠨᠡᠭᠦᠷᠡᠰᠦ᠂ ᠬᠤᠪᠣᠷ ᠰᠢᠷᠣᠢ ᠵᠡᠷᠭᠡ 16 ᠡᠨᠧᠷᠭᠢ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ︽ᠨᠥᠭᠡᠴᠡ ᠪᠠᠨ ᠨᠡᠮᠡᠭᠳᠡᠭᠦᠯᠦᠨ ᠭᠠᠷᠤᠯᠲᠠ ᠪᠠᠨ ᠨᠡᠮᠡᠭᠳᠡᠭᠦᠯᠬᠦ᠂ ᠡᠮᠬᠢᠯᠡᠨ ᠨᠡᠶᠢᠯᠡᠭᠦᠯᠵᠦ ᠠᠰᠢᠭᠯᠠᠬᠤ᠂ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ︾ ᠰᠢᠨ᠎ᠡ ᠠᠷᠭ᠎ᠠ ᠬᠡᠮᠵᠢᠶ᠎ᠡ ᠶᠢ ᠪᠠᠶᠢᠭᠤᠯᠤᠨ᠂ ᠬᠡᠰᠡᠭ ᠠᠭᠤᠷᠬᠠᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠦᠢᠯᠡᠳᠪᠦᠷᠢᠯᠡᠬᠦ ᠬᠡᠪᠴᠢᠶ᠎ᠡ ᠳᠤ ᠨᠡᠶᠢᠴᠡᠬᠦ ᠦᠭᠡᠢ ᠵᠢᠴᠢ ᠡᠨᠧᠷᠭᠢ ᠠᠭᠤᠷᠬᠠᠢ ᠶᠢᠨ ᠭᠠᠷᠤᠯᠲᠠ ᠶᠢᠨ ᠨᠡᠭᠡᠭᠡᠯᠲᠡ ᠬᠢᠬᠦ ᠳᠤ ︽ᠪᠠᠭ᠎ᠠ ᠲᠠᠷᠠᠬᠠᠢ ᠡᠮᠬᠢ ᠲᠢᠭᠯᠢᠮ ᠦᠭᠡᠢ︾ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠨᠡᠭᠦᠷᠡᠰᠦᠨ ᠤ ᠵᠠᠬ᠎ᠠ ᠬᠢᠵᠠᠭᠠᠷ ᠤᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠨ ᠬᠢᠮᠳᠠ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠢ ᠵᠠᠯᠭᠠᠯᠳᠤᠭᠤᠯᠤᠨ ᠨᠡᠭᠡᠭᠡᠬᠦ ᠶᠢ ᠪᠡᠶᠡᠯᠡᠭᠦᠯᠦᠨ᠂ ᠳᠠᠩ ᠬᠤᠳᠳᠤᠭ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠬᠡᠰᠡᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠲᠥᠷᠥᠯ ᠳᠤ ᠬᠠᠮᠲᠤ ᠣᠷᠣᠰᠢᠬᠤ ᠪᠠ ᠳᠣᠣᠷ᠎ᠠ ᠲᠠᠰ ᠤᠨ ᠡᠬᠢ ᠪᠠᠶᠠᠯᠢᠭ ᠢ ᠳᠠᠬᠢᠨᠲᠠ ᠦᠨᠡᠯᠡᠬᠦ ᠶᠢ ᠥᠷᠨᠢᠭᠦᠯᠵᠦ᠂ ᠨᠡᠭᠦᠷᠡᠰᠦ ᠯᠦᠭᠡ ᠬᠠᠮᠲᠤ ᠣᠷᠣᠰᠢᠬᠤ ᠪᠠ ᠳᠠᠭᠠᠯᠳᠤᠨ ᠡᠭᠦᠰᠬᠦ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠨ ᠪᠠᠶᠢᠭᠤᠯᠪᠠ᠃  ᠬᠤᠶᠠᠷ ᠲᠤ᠂ ᠠᠵᠤ ᠠᠬᠤᠶᠢᠯᠠᠯ᠂ ᠦᠢᠯᠡᠴᠢᠯᠡᠭᠡᠨ ᠤ ᠲᠥᠷᠥᠯ ᠵᠦᠢᠯ ᠳᠤ ᠲᠥᠬᠦᠮ ᠦᠵᠡᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠵᠠᠭᠪᠤᠷ ᠢ ︽ᠵᠠᠰᠠᠭ ᠤᠨ ᠣᠷᠳᠣᠨ ᠢᠶᠠᠷ ᠬᠥᠳᠡᠯᠭᠡᠭᠦᠷ ᠪᠣᠯᠭᠠᠵᠤ︾ ᠪᠠᠶᠢᠭᠰᠠᠨ ᠠᠴᠠ ᠨᠢ ︽ᠵᠠᠬ᠎ᠠ ᠳᠡᠯᠭᠡᠭᠦᠷ ᠢᠶᠠᠷ ᠭᠤᠣᠯᠯᠠᠭᠤᠯᠬᠤ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠤᠯᠤᠰ ᠠᠴᠠ ᠲᠣᠭᠲᠠᠭᠠᠭᠰᠠᠨ ᠵᠥᠪᠯᠡᠯᠴᠡᠭᠡᠷ ᠢᠶᠠᠷ ᠬᠢᠮᠳᠠ ᠦᠨ᠎ᠡ ᠪᠠᠷ ᠬᠤᠳᠠᠯᠳᠤᠬᠤ ᠪᠠᠶᠢᠳᠠᠯ ᠠᠴᠠ ᠭᠠᠳᠠᠨ᠎ᠠ᠂ ᠠᠭᠤᠷᠬᠠᠢ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠬᠢᠮᠳᠠ ᠦᠨ᠎ᠡ ᠪᠠᠷ ᠬᠤᠳᠠᠯᠳᠤᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠤᠨ ᠬᠦᠴᠦᠨ ᠵᠦᠢᠯ ᠤᠨ ᠬᠤᠪᠢᠶᠠᠷᠢᠯᠠᠨ ᠬᠡᠷᠡᠭᠯᠡᠬᠦ ᠶᠢ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ ᠬᠥᠲᠥᠯᠥᠨ ᠵᠢᠯᠤᠭᠤᠳᠬᠤ ᠪᠠ ᠲᠣᠬᠢᠷᠠᠭᠤᠯᠵᠤ᠂ ᠵᠠᠰᠠᠭ ᠵᠠᠬᠢᠷᠭᠠᠨ ᠤ ᠭᠠᠷ ᠲᠦᠷᠦᠭᠦ ᠶᠢ ᠪᠠᠭᠠᠰᠬᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠣᠷᠣᠨ ᠳᠤ 138 ᠠᠭᠤᠷᠬᠠᠢ ᠶᠢᠨ ᠡᠬᠢ ᠪᠠᠶᠠᠯᠢᠭ ᠤᠨ ᠡᠷᠬᠡ ᠶᠢ ᠵᠠᠬ᠎ᠠ ᠳᠡᠯᠭᠡᠭᠦᠷᠴᠢᠯᠡᠨ ᠰᠢᠯᠵᠢᠭᠦᠯᠦᠨ ᠥᠭᠴᠦ᠂ ᠠᠭᠤᠷᠬᠠᠢ ᠶᠢᠨ ᠡᠬᠢ ᠪᠠᠶᠠᠯᠢᠭ ᠤᠨ ᠡᠷᠬᠡ ᠶᠢ ᠰᠢᠯᠵᠢᠭᠦᠯᠦᠨ ᠥᠭᠭᠦᠭᠰᠡᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 500 ᠳ᠋ᠦᠩᠰᠢᠭᠤᠷ ᠲᠥᠭᠦᠷᠢᠭ ᠢ ᠳᠠᠪᠠᠪᠠ᠃ 2024 ᠣᠨ ᠳᠤ ᠬᠤᠶᠠᠷ ᠪᠦᠯᠦᠭ ᠬᠤᠪᠢᠶᠠᠨ 621 ᠡᠨᠧᠷᠭᠢ ᠶᠢᠨ ᠲᠥᠷᠥᠯ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠨᠠᠷᠢᠨ ᠬᠠᠭᠤᠳᠠᠰᠤ ᠳᠤ ᠣᠷᠣᠭᠤᠯᠵᠤ᠂ ᠤᠯᠤᠰ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠬᠡᠷᠡᠭᠯᠡᠨ ᠡᠨᠧᠷᠭᠢ ᠶᠢᠨ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ 2.86 ᠲᠦᠮᠡᠨ ᠾᠧᠺᠲ᠋ᠠᠷ ᠭᠠᠵᠠᠷ ᠬᠡᠷᠡᠭᠯᠡᠬᠦ ᠶᠢ ᠪᠠᠲᠤᠯᠠᠵᠤ ᠪᠣᠯᠣᠨ᠎ᠠ᠃ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠬᠤ ᠪᠠᠷ ᠳᠠᠮᠵᠢᠭᠤᠯᠤᠨ᠂ ᠭᠠᠵᠠᠷ ᠬᠡᠷᠡᠭᠯᠡᠬᠦ ᠭᠠᠷᠳᠠᠮ ᠢ ᠲᠦᠷᠭᠡᠳᠬᠡᠨ ᠭᠦᠢᠴᠡᠳᠬᠡᠵᠦ᠂ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠶᠢᠨ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠪᠠᠲᠤᠯᠠᠪᠠ᠃  ᠭᠤᠷᠪᠠ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠡᠨᠧᠷᠭᠢ ᠶᠢᠨ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ︽ᠲᠠᠩ ᠴᠤᠯᠭᠤᠢ ᠲᠦᠭᠦᠬᠡᠢ ᠠᠭᠤᠷᠬᠠᠢ ᠶᠢᠨ ᠭᠠᠷᠤᠯᠲᠠ ᠶᠢᠨ ᠪᠣᠷᠤᠯᠠᠭᠤᠯᠭ᠎ᠠ︾ ᠠᠴᠠ ︽ᠪᠣᠬᠢᠷᠲᠤᠯ ᠦᠭᠡᠢ ᠣᠯᠠᠨ ᠡᠰᠢᠵᠢᠭᠰᠡᠨ ᠥᠨᠳᠥᠷ ᠪᠦᠲᠦᠮᠵᠢᠲᠡᠶ ᠠᠰᠢᠭᠯᠠᠯᠲᠠ︾ ᠲᠡᠶᠢᠰᠢ ᠬᠤᠪᠢᠷᠠᠭᠤᠯᠬᠤ ᠶᠢ ᠠᠬᠢᠭᠤᠯᠪᠠ᠃ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠲᠠᠢ ᠬᠠᠮᠲᠤᠷᠠᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠭᠠᠵᠠᠷ ᠰᠢᠷᠣᠢ ᠬᠡᠷᠡᠭᠯᠡᠬᠦ ᠬᠤᠯᠪᠣᠭᠳᠠᠯ ᠪᠦᠬᠦᠢ ᠵᠦᠢᠯᠡᠰ ᠢ ᠳᠡᠮᠵᠢᠬᠦ ᠪᠠ ᠵᠢᠷᠤᠮᠵᠢᠭᠤᠯᠬᠤ ᠲᠤᠬᠠᠢ ᠮᠡᠳᠡᠭᠳᠡᠯ ᠵᠢᠴᠢ ᠭᠠᠵᠠᠷ ᠰᠢᠷᠣᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠵᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ᠃ ᠠᠭᠤᠷᠬᠠᠢ ᠶᠢᠨ ᠦᠢᠯᠡᠰ ᠤᠨ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ᠂ ᠬᠢᠨᠠᠨ ᠵᠥᠪᠰᠢᠶᠡᠷᠡᠵᠦ ᠳᠡᠩᠰᠡᠯᠡᠨ ᠲᠡᠮᠳᠡᠭᠯᠡᠬᠦ ᠳᠤ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ᠂ ᠲᠡᠦᠬᠡ ᠶᠢᠨ ᠳᠤᠷᠠᠰᠬᠠᠯᠲᠤ ᠵᠦᠢᠯᠡᠰ᠂ ᠵᠠᠮ ᠬᠠᠷᠢᠯᠴᠠᠭᠠᠨ ᠤ ᠪᠡᠯᠡᠳᠬᠡᠮᠵᠢ ᠵᠡᠷᠭᠡ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠬᠢ ᠪᠠᠶᠠᠯᠢᠭ ᠢ ᠠᠰᠢᠭᠯᠠᠬᠤ ᠳᠡᠭᠡᠳᠦ ᠱᠤᠭᠤᠮ︾ ᠵᠡᠷᠭᠡ ᠬᠠᠲᠠᠭᠤ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠡᠯ᠎ᠡ ᠲᠥᠷᠥᠯ ᠤᠨ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢᠨ ᠳᠣᠲᠣᠷ᠎ᠠ ᠬᠢᠵᠠᠭᠠᠷᠯᠠᠪᠠ᠃  ᠡᠭᠦᠨ ᠠᠴᠠ ᠭᠠᠳᠠᠨ᠎ᠠ᠂ ᠵᠠᠩ ᠶᠢᠩ ᠳ᠋ᠡ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠨᠢᠭᠡᠨ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤᠮᠳᠠ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠨ᠂ ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠬᠤ ᠪᠠᠶᠢᠷᠢᠯᠠᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠰᠠᠭᠤᠷᠢ ᠭᠠᠵᠠᠷ ᠰᠢᠨᠵᠢᠯᠡᠭᠡᠨ ᠤ ᠠᠵᠢᠯ ᠢ ᠴᠢᠩᠭᠠᠳᠬᠠᠨ᠂ ᠪᠣᠬᠢᠷᠲᠤᠯ ᠦᠭᠡᠢ ᠬᠠᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠶᠢ ᠲᠣᠪᠤᠶᠢᠯᠭᠠᠨ᠂ ᠣᠷᠣᠨ ᠤ ᠳᠣᠲᠣᠷᠠᠬᠢ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠬᠠᠮᠲᠤ ᠳᠤᠨᠢ ᠬᠠᠷᠠᠭᠠᠯᠵᠠᠵᠤ᠂ ᠶᠡᠷᠦᠩᠬᠡᠶᠢᠯᠡᠨ ᠬᠠᠶᠢᠨ ᠪᠠᠶᠢᠴᠠᠭᠠᠬᠤ ᠶᠡᠷᠦᠩᠬᠡᠶᠢᠯᠡᠭᠰᠡᠨ ᠦᠨᠡᠯᠡᠯᠲᠡ ᠶᠢᠨ ᠡᠷᠴᠢᠮ ᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠲᠦᠯᠬᠢᠨ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠠᠲᠤᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ᠃ ︵ᠬᠠᠷᠢᠭᠤᠴᠠᠭᠰᠠᠨ ᠨᠠᠶᠢᠷᠠᠭᠤᠯᠤᠭᠴᠢ᠄ ᠵᠠᠩ ᠰᠢᠤᠸᠠᠢ ᠳ᠋ᠦᠩ᠂ ᠯᠢᠦ ᠽᠧ︶ 
ᠢᠷᠡᠯᠲᠡ᠄ ᠠᠷᠠᠳ ᠤᠨ ᠰᠦᠯᠵᠢᠶ᠎ᠡ — ᠥᠪᠥᠷ ᠮᠣᠩᠭᠤᠯ ᠤᠨ ᠰᠤᠪᠠᠭ