︽ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠭᠦᠨᠵᠡᠭᠡᠶ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢᠨ ᠲᠥᠯᠥᠭᠡ᠂ ᠬᠥᠬᠡᠬᠤᠲᠠ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠬᠤᠲᠠ ᠶᠢᠨ ᠣᠷᠣᠨ ᠵᠠᠶ ᠶᠢᠨ ᠪᠦᠲᠦᠴᠡ ᠶᠢ ᠨᠠᠷᠢᠯᠢᠬᠵᠢᠭᠤᠯᠤᠨ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠶᠡᠬᠡᠪᠡᠷ ᠠᠬᠢᠭᠤᠯᠵᠤ᠂ ᠤᠯᠤᠰ ᠤᠨ ᠭᠠᠵᠠᠷ | ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠪᠡ᠃ | ᠶᠡᠷᠦᠩᠬᠡᠢ ᠲᠥᠯᠥᠪᠯᠡᠯᠲᠡ ᠶᠢᠨ ᠲᠠᠯ᠎ᠠ ᠪᠠᠷ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠬᠥᠲᠥᠯᠥᠨ ᠳᠠᠭᠠᠭᠤᠯᠵᠤ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ | ᠲᠤᠭᠤᠰᠢᠯᠠᠭᠤᠯᠵᠤ᠂ ᠬᠥᠬᠡᠬᠤᠲᠠ ᠶᠢᠨ ᠡᠬᠢ ᠪᠠᠶᠠᠯᠢᠭ ᠤᠨ ᠲᠥᠷᠥᠯᠬᠢ ᠣᠨᠴᠠᠯᠢᠭ ᠲᠤ ᠰᠠᠭᠤᠷᠢᠯᠠᠨ᠂ ᠲᠣᠰ ᠭᠠᠵᠠᠷ ᠤᠨ ᠳᠠᠪᠠᠭᠤᠯᠢᠭ ᠪᠠ ᠣᠨᠴᠠᠯᠢᠭ ᠢ | ᠢᠯᠡᠷᠡᠭᠦᠯᠵᠦ᠂ ᠲᠠᠷᠢᠶᠠᠯᠠᠩ᠂ ᠠᠮᠢ ᠠᠬᠤᠶ᠂ ᠬᠤᠲᠠ ᠪᠠᠯᠭᠠᠰᠤᠨ ᠤ ᠣᠷᠣᠨ ᠵᠠᠶ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠲᠠᠷᠢᠶᠠᠨ | ᠭᠠᠵᠠᠷ ᠤᠨ ᠤᠯᠠᠭᠠᠨ ᠱᠤᠭᠤᠮ ᠢ 5471.73 ᠲᠡᠭᠰᠢ ᠳᠥᠷᠪᠡᠯᠵᠢᠨ ᠺᠢᠯᠤᠮᠧᠲᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ 3100.45 | ᠲᠡᠭᠰᠢ ᠳᠥᠷᠪᠡᠯᠵᠢᠨ ᠺᠢᠯᠤᠮᠧᠲᠷ ᠵᠠᠭᠠᠭᠯᠠᠨ ᠲᠣᠭᠲᠠᠭᠠᠵᠤ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ ᠢ 600.24 ᠲᠡᠭᠰᠢ ᠳᠥᠷᠪᠡᠯᠵᠢᠨ | ᠺᠢᠯᠤᠮᠧᠲᠷ ᠵᠠᠭᠠᠭᠯᠠᠨ ᠲᠣᠭᠲᠠᠭᠠᠪᠠ᠃ ︽ᠭᠤᠷᠪᠠᠨ ᠣᠷᠣᠨ ᠭᠤᠷᠪᠠᠨ ᠱᠤᠭᠤᠮ︾ ᠢᠶᠠᠷ ᠰᠠᠭᠤᠷᠢ ᠪᠣᠯᠭᠠᠵᠤ᠂ ︽ᠨᠢᠭᠡ ᠬᠠᠯᠬᠠᠪᠴᠢ ᠨᠢᠭᠡ ᠪᠦᠰᠡ ᠭᠤᠷᠪᠠᠨ | ᠣᠷᠣᠨ᠂ ᠨᠢᠭᠡ ᠭᠤᠣᠯ ᠨᠢᠭᠡ ᠳᠡᠳ᠋ ᠬᠤᠶᠠᠷ ᠲᠡᠩᠭᠡᠯᠢᠭ︾ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ | ᠪᠠᠶᠢᠷᠢᠰᠢᠯ ᠢ ᠪᠠᠶᠢᠭᠤᠯᠤᠨ᠎ᠠ᠃ | ᠨᠠᠷᠢᠨ ᠲᠥᠯᠥᠪᠵᠢᠭᠦᠯᠭᠡ ᠶᠢᠨ ᠲᠠᠯ᠎ᠠ ᠪᠠᠷ᠃ ︽ᠬᠥᠬᠡᠬᠤᠲᠠ ᠶᠢᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠬᠢᠯᠢ ᠶᠢᠨ ᠳᠣᠲᠣᠷᠠᠬᠢ ᠨᠠᠷᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠷᠭ᠎ᠠ︾ ᠶᠢ ᠰᠢᠨ᠎ᠡ ᠪᠠᠷ ᠡᠭᠦᠳᠦᠨ ᠨᠡᠶᠢᠲᠡᠯᠡᠵᠦ᠂ ᠭᠤᠤᠯ ᠬᠤᠲᠠ ᠶᠢᠨ ᠲᠣᠭᠤᠷᠢᠭ ᠤᠨ ︽ | ᠨᠢᠭᠡᠴᠢ ᠶᠢᠨ ᠡᠵᠡᠮᠳᠡᠯ ᠤᠨ ᠲᠥᠯᠥᠪᠵᠢᠭᠦᠯᠭᠡ + ᠬᠡᠷᠡᠭᠵᠢᠭᠦᠯᠬᠦ ᠲᠥᠰᠦᠯ︾ ᠤᠨ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ | 54 ᠲᠡᠭᠰᠢ ᠳᠥᠷᠪᠡᠯᠵᠢᠨ ᠺᠢᠯᠤᠮᠧᠲᠷ ᠭᠠᠵᠠᠷ ᠪᠦᠷᠢ ᠳᠤ ᠠᠩᠬ᠎ᠠ ᠠᠯᠬᠤᠮ ᠤᠨ ᠦᠷ᠎ᠡ ᠪᠦᠲᠦᠭᠡᠯ ᠪᠣᠯᠤᠭᠰᠠᠨ ᠪᠠᠶᠢᠨ᠎ᠠ᠃ ︽ᠨᠢᠭᠡᠴᠢ ᠶᠢᠨ ᠡᠵᠡᠮᠳᠡᠯ ᠤᠨ | ᠲᠥᠯᠥᠪᠵᠢᠭᠦᠯᠭᠡ + ᠬᠡᠷᠡᠭᠵᠢᠭᠦᠯᠬᠦ ᠲᠥᠰᠦᠯ︾ ᠤᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠣᠬᠢᠷᠠᠭᠤᠯᠤᠨ ᠲᠣᠭᠲᠠᠭᠠᠭᠰᠠᠨ ᠬᠦᠴᠢᠷ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠲᠥᠯᠥᠪᠵᠢᠭᠦᠯᠭᠡ ᠶᠢᠨ ᠥᠨᠳᠥᠷ ᠪᠦᠲᠦᠮᠵᠢᠲᠦ ᠴᠢᠨᠠᠷ᠂ ᠵᠣᠬᠢᠴᠠᠬᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ | ᠳᠡᠭᠡᠭᠰᠢᠯᠡᠭᠦᠯᠦᠨ᠂ ᠲᠥᠯᠥᠪᠵᠢᠭᠦᠯᠭᠡ ᠶᠢᠨ ᠬᠠᠮᠢᠶᠠᠷᠤᠯᠲᠠ ᠡᠵᠡᠮᠳᠡᠯ ᠢ ᠨᠠᠩ ᠣᠨᠣᠪᠴᠢᠲᠠᠶ᠂ ᠵᠦᠶ ᠵᠣᠬᠢᠰᠲᠠᠶ ᠪᠣᠯᠭᠠᠪᠠ᠃ | ᠲᠤᠰᠬᠠᠢ ᠲᠥᠯᠥᠪᠵᠢᠭᠦᠯᠭᠡ ᠶᠢᠨ ᠲᠠᠯ᠎ᠠ ᠪᠠᠷ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠵᠤ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠳᠤ ᠬᠤᠯᠪᠣᠭᠳᠠᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠬᠤᠳᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ | ᠵᠠᠰᠠᠬᠤ᠂ ᠤᠯᠠᠨ ᠨᠡᠶᠢᠲᠡ ᠶᠢᠨ ᠦᠢᠯᠡᠴᠢᠯᠡᠭᠡ᠂ ᠬᠤᠳᠠ ᠶᠢᠨ ᠵᠢᠷᠤᠭ ᠲᠥᠯᠥᠪᠯᠡᠭᠡ ᠵᠡᠷᠭᠡ ᠴᠢᠬᠤᠯᠠ ᠬᠦᠷᠢᠶᠡᠨ ᠳᠤ ᠲᠤᠰᠬᠠᠢ ᠲᠥᠯᠥᠪᠵᠢᠭᠦᠯᠭᠡ ᠨᠠᠶᠢᠷᠠᠭᠤᠯᠤᠨ | ᠵᠣᠬᠢᠶᠠᠵᠤ᠂ ᠠᠯᠢ ᠤᠯᠠᠨ ᠲᠤᠰᠬᠠᠢ ᠲᠥᠯᠥᠪᠵᠢᠭᠦᠯᠭᠡ ᠶᠢ ᠬᠡᠷᠡᠭᠵᠢᠭᠦᠯᠵᠦ᠂ ᠬᠤᠳᠠ ᠶᠢᠨ ᠱᠠᠲᠤᠨ ᠤ ᠶᠡᠷᠦᠩᠬᠡᠢ ᠲᠣᠭᠲᠠᠭᠠᠯ ᠳᠤ ᠲᠣᠭᠲᠠᠭᠠᠭᠰᠠᠨ ᠡᠯ᠎ᠡ | ᠲᠦᠷᠦᠯ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠪᠠ᠃ ᠵᠢᠩᠬᠢᠨᠢ ᠪᠠᠷ | ᠬᠡᠷᠡᠭᠵᠢᠭᠦᠯᠦᠭᠰᠡᠨ ᠡᠯ᠎ᠡ ᠣᠷᠣᠨ ᠵᠠᠶ ᠶᠢᠨ ᠲᠥᠷᠥᠯ ᠤᠨ ᠲᠤᠰᠬᠠᠶ ᠲᠥᠯᠥᠪᠵᠢᠭᠦᠯᠭᠡ ᠶᠢ ᠪᠦᠬᠦᠨ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ︽ᠨᠢᠭᠡ | ᠵᠢᠷᠤᠭ︾ ᠤᠨ ᠰᠠᠭᠤᠷᠢ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ᠂ | ᠬᠡᠷᠡᠭᠵᠢᠭᠦᠯᠬᠦ᠂ ᠬᠢᠨᠠᠯᠲᠠ ᠲᠠᠯᠪᠢᠬᠤ ᠵᠡᠷᠭᠡ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠠᠮᠢᠶᠠᠷᠬᠤ ᠶᠢ ᠪᠡᠶᠡᠯᠡᠭᠦᠯᠵᠦ᠂ ︽ᠨᠢᠭᠡ ᠵᠢᠷᠤᠭ ᠲᠥᠰᠦᠪ ᠢ ᠲᠣᠰ ᠲᠣᠰ | ᠬᠡᠷᠡᠭᠵᠢᠭᠦᠯᠬᠦ︾ ᠶᠢ ᠪᠡᠶᠡᠯᠡᠭᠦᠯᠪᠡ᠃ | |