ᠥᠪᠥᠷ ᠮᠣᠩᠭᠤᠯ ᠤᠨ ᠵᠧᠩ ᠢᠤᠢ ᠥᠯᠥ ᠬᠥᠳᠡᠯᠬᠦ ᠬᠥᠷᠥᠩᠭᠡ ᠶᠢ ᠦᠨᠡᠯᠡᠨ ᠵᠢᠱᠢᠬᠦ ᠵᠥᠪᠯᠡᠯᠭᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠬᠡᠮ ᠢ ᠦᠷᠭᠦᠯᠵᠢᠯᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/11/20
  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠲᠥᠪ ᠶᠡᠬᠡᠮᠰᠦᠭ ᠥᠯᠥ ᠬᠥᠳᠡᠯᠬᠦ ᠬᠥᠷᠥᠩᠭᠡ ᠶᠢ ᠦᠨᠡᠯᠡᠨ ᠵᠢᠱᠢᠬᠦ ᠵᠥᠪᠯᠡᠯᠭᠡ ᠥᠭᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢᠭᠡᠨᠲᠡ ᠮᠠᠨ ᠤ ᠲᠢᠩᠬᠢᠮ ᠳᠤ ᠠᠮᠠᠯᠠᠯᠲᠠ ᠬᠢᠵᠦ᠂ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠨᠢ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠬᠡᠮ ᠤᠨ ᠨᠥᠬᠦᠴᠡᠯ᠂ ᠪᠠᠷᠢᠮᠵᠢᠶ᠎ᠠ ᠪᠠ ᠱᠠᠭᠠᠷᠳᠠᠯᠭ᠎ᠠ ᠳᠤ ᠨᠡᠶᠢᠴᠡᠬᠦ ᠶᠢ ᠠᠮᠠᠯᠳᠠᠪᠠ᠃  ᠲᠤᠰ ᠺᠣᠮᠫᠠᠨᠢ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠭᠡᠮ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠦᠷᠭᠦᠯᠵᠢᠯᠡᠭᠦᠯᠬᠦ ᠶᠢ ᠵᠥᠪᠰᠢᠶᠡᠷᠡᠨ᠎ᠡ᠃ ᠬᠢᠷᠢ ᠬᠡᠮ ᠤᠨ ᠦᠷᠭᠦᠯᠵᠢᠯᠡᠬᠦ ᠬᠦᠴᠦᠨ ᠲᠠᠢ ᠬᠤᠭᠤᠴᠠᠭ᠎ᠠ ᠨᠢ 2028 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃  ᠣᠨᠴᠠᠭᠠᠶᠢᠯᠠᠨ ᠵᠠᠷᠯᠠᠨ ᠨᠡᠶᠢᠲᠡᠯᠡᠪᠡ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  2024 ᠣᠨ ᠤ 11 ᠳ᠋ᠦ᠋ᠭᠡᠷ ᠰᠠᠷ᠎ᠠ ᠶᠢᠨ 20 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ