ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 40 ᠳ᠋ᠦ᠋ᠭᠡᠷ ᠲᠣᠭᠠᠲᠤ | | | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠪᠠᠶᠢᠴᠠᠭᠠᠬᠤ ᠠᠵᠢᠯ ᠢ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ | ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠥᠪ ᠢ | ᠬᠠᠮᠠᠭᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠳᠤ ᠭᠠᠵᠠᠷ ᠳᠡᠭᠡᠷᠡᠬᠢ ᠲᠡᠦᠬᠡ ᠶᠢᠨ ᠳᠤᠷᠠᠰᠬᠠᠯᠲᠤ ᠵᠦᠢᠯ ᠪᠣᠯ ︽ᠤᠷᠢᠳ ᠢᠶᠠᠷ ᠪᠠᠶᠢᠴᠠᠭᠠᠯᠲᠠ ᠬᠢᠵᠦ ᠂ ᠳᠠᠷᠠᠭ᠎ᠠ ᠳᠤ ᠨᠢ ᠪᠦᠲᠦᠭᠡᠨ | ᠪᠠᠶᠢᠭᠤᠯᠬᠤ ︾ ᠂ ᠭᠠᠵᠠᠷ ᠳᠣᠣᠷᠠᠬᠢ ᠲᠡᠦᠬᠡ ᠶᠢᠨ ᠳᠤᠷᠠᠰᠬᠠᠯᠲᠤ ᠵᠦᠢᠯ ᠪᠣᠯ ︽ᠤᠷᠢᠳ ᠢᠶᠠᠷ ᠬᠠᠭᠤᠴᠢ ᠰᠤᠳᠤᠯᠤᠯ ᠬᠢᠵᠦ ᠂ ᠳᠠᠷᠠᠭ᠎ᠠ ᠳᠤ ᠨᠢ ᠲᠥᠯᠥᠪᠦᠷᠢᠲᠡᠢ | ᠰᠢᠯᠵᠢᠭᠦᠯᠬᠦ ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠢ ᠦᠨᠡᠨ ᠬᠦ ᠰᠠᠶᠢᠲᠤᠷ | ᠬᠢᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠪᠡ ᠃ | ᠨᠢᠭᠡ ᠂ ᠤᠷᠢᠳᠠᠴᠢ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ | ᠬᠠᠷᠢᠭᠤᠴᠠᠵᠤ ᠪᠠᠶᠢᠭ᠎ᠠ ᠰᠠᠯᠠᠭ᠎ᠠ ᠮᠥᠴᠢᠷ ᠢ ᠵᠢᠯᠣᠭᠤᠳᠴᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ | ᠪᠠᠭᠲᠠᠭᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠬᠤᠯᠪᠤᠭᠠᠯᠠᠨ ᠭᠦᠢᠴᠡᠳᠬᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ ᠡᠯ᠎ᠡ ᠱᠠᠲᠤᠨ ᠤ ᠬᠠᠮᠢᠶ᠎ᠠ | ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠬᠢᠨᠠᠮᠠᠭᠠᠢ ᠡᠮᠬᠢᠯᠡᠵᠦ ᠂ ᠲᠥᠷᠥᠯ ᠵᠦᠢᠯ ᠲᠣᠭᠲᠠᠭᠠᠬᠤ ᠂ ᠭᠠᠵᠠᠷ ᠬᠡᠷᠡᠭᠯᠡᠵᠦ ᠭᠠᠵᠠᠷ ᠰᠣᠩᠭᠤᠬᠤ ᠲᠠᠯ᠎ᠠ ᠶᠢᠨ ᠠᠵᠢᠯ ᠢ ᠬᠠᠷᠢᠭᠤᠴᠠᠵᠤ ᠪᠠᠶᠢᠭ᠎ᠠ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠲᠥᠷᠥᠯ ᠵᠦᠢᠯ ᠢ ᠤᠷᠢᠳᠴᠢᠯᠠᠨ ᠬᠢᠨᠠᠬᠤ ᠱᠠᠲᠤᠨ ᠳᠤ ᠠᠳᠠᠯᠢ ᠱᠠᠲᠤᠨ ᠤ ᠲᠡᠦᠬᠡ ᠶᠢᠨ | ᠳᠤᠷᠠᠰᠬᠠᠯᠲᠤ ᠵᠦᠢᠯ ᠤᠨ ᠰᠠᠯᠠᠭ᠎ᠠ ᠮᠥᠴᠢᠷ ᠤᠨ ᠰᠠᠨᠠᠯ ᠢ ᠰᠠᠨᠠᠭᠠᠴᠢᠯᠠᠭ᠎ᠠ ᠠᠴᠠ ᠪᠠᠨ ᠬᠤᠷᠢᠶᠠᠬᠤ ᠬᠡᠷᠡᠭᠲᠡᠢ︔ ᠲᠣᠮᠣ ᠬᠡᠯᠪᠡᠷᠢ ᠶᠢᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠵᠥᠪᠰᠢᠶᠡᠷᠡᠯ ᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠨᠢ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ | ᠵᠥᠪᠰᠢᠶᠡᠷᠡᠯ ᠢ ᠤᠷᠢᠳᠠᠴᠢ ᠬᠢᠨᠠᠨ ᠪᠠᠶᠢᠴᠠᠭᠠᠯᠲᠠ ᠶᠢᠨ ᠴᠢᠬᠤᠯᠠ ᠨᠥᠬᠦᠴᠡᠯ ᠪᠣᠯᠭᠠᠨ ᠵᠢᠭᠰᠠᠭᠠᠬᠤ ᠬᠡᠷᠡᠭᠲᠡᠢ ᠃ | ᠬᠤᠶᠠᠷ ᠂ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ ᠃ ᠪᠦᠬᠦ ᠣᠷᠣᠨ ᠤ ᠡᠯ᠎ᠡ ᠱᠠᠲᠤᠨ ᠤ ᠲᠡᠦᠬᠡ ᠶᠢᠨ | ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢᠨ | ᠬᠠᠮᠠᠭᠠᠯᠠᠬᠤ ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠬᠤ ᠣᠷᠣᠨ ᠪᠦᠰᠡ ᠶᠢᠨ ᠮᠡᠳᠡᠭᠡ ᠵᠠᠩᠭᠢ ᠶᠢ ᠨᠡᠶᠢᠭᠡᠮ ᠨᠡᠶᠢᠳᠡ ᠳᠤ ᠢᠯᠡ | ᠪᠣᠯᠭᠠᠬᠤ ᠬᠡᠷᠡᠭᠲᠡᠢ ᠃ ᠲᠣᠮᠣ ᠬᠡᠯᠪᠡᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠳᠤ ᠪᠠᠨ ᠂ ᠪᠠᠷᠢᠯᠭ᠎ᠠ ᠪᠠᠶᠢᠭᠤᠯᠬᠤ ᠨᠢᠭᠡᠴᠢ ᠨᠢ | ᠤᠷᠢᠳ ᠢᠶᠠᠷ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠬᠠᠭᠤᠴᠢ | ᠰᠤᠳᠤᠯᠤᠯ ᠤᠨ ᠨᠡᠭᠡᠭᠡᠨ ᠮᠠᠯᠲᠠᠬᠤ ᠠᠵᠢᠯ ᠬᠢᠵᠦ ᠪᠠᠶᠢᠭ᠎ᠠ ᠨᠢᠭᠡᠴᠢ ᠨᠦᠭᠦᠳ ᠢ ᠵᠣᠬᠢᠶᠠᠨ ᠪᠠᠶᠢᠭᠤᠯᠵᠤ ᠪᠠᠶᠢᠭᠠᠳ ᠪᠠᠷᠢᠯᠭ᠎ᠠ ᠶᠢᠨ ᠭᠠᠵᠠᠷ ᠪᠣᠯᠭᠠᠨ ᠰᠣᠩᠭᠤᠬᠤ | ᠬᠡᠪᠴᠢᠶᠡᠨ ᠳᠣᠲᠣᠷ᠎ᠠ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠬᠠᠶᠢᠨ ᠰᠢᠨᠵᠢᠯᠲᠡ ᠬᠢᠯᠭᠡᠬᠦ ᠪᠠᠷ ᠭᠤᠶᠤᠴᠢᠯᠠᠵᠤ ᠂ ᠥᠪᠡᠷᠲᠡᠭᠡᠨ ᠵᠠᠰᠠᠬᠤ ᠣᠷᠣᠨ ᠤ | ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠤᠯᠢ ᠳᠤ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠬᠢᠨᠠᠨ | ᠬᠠᠷᠭᠤᠭᠤᠯᠤᠭᠰᠠᠨ ᠰᠠᠨᠠᠯ ᠢᠶᠠᠨ ᠭᠠᠷᠭᠠᠬᠤ ᠬᠡᠷᠡᠭᠲᠡᠢ ᠃ ᠬᠤᠲᠠ ᠪᠠᠯᠭᠠᠰᠤᠨ ᠤ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶᠡᠨ ᠳᠣᠲᠣᠷ᠎ᠠ ᠵᠢᠴᠢ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠂ ᠠᠵᠤ ᠦᠢᠯᠡᠰ ᠤᠨ | ᠪᠥᠭᠡᠮᠨᠡᠷᠡᠯ ᠤᠨ ᠲᠣᠭᠤᠷᠢᠭ ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠣᠭᠤᠷᠢᠭ ᠵᠡᠷᠭᠡ ᠬᠡᠰᠡᠭ ᠢᠶᠠᠷ ᠨᠡᠭᠡᠭᠡᠨ | ᠬᠥᠭᠵᠢᠭᠦᠯᠬᠦ ᠪᠠᠷ ᠲᠥᠯᠥᠪᠵᠢᠭᠦᠯᠵᠦ ᠪᠠᠶᠢᠭ᠎ᠠ ᠭᠠᠵᠠᠷ ᠰᠢᠷᠣᠢ ᠳᠤ ᠣᠷᠣᠨ ᠪᠦᠰᠡ ᠶᠢᠨ ᠦᠨᠡᠯᠡᠨ ᠵᠢᠱᠢᠯᠲᠡ ᠥᠷᠨᠢᠭᠦᠯᠬᠦ ᠳᠤ ᠪᠠᠨ ᠂ ᠥᠪᠡᠷᠲᠡᠭᠡᠨ ᠵᠠᠰᠠᠬᠤ | ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠤᠷᠢᠵᠤ ᠣᠷᠣᠯᠴᠠᠭᠤᠯᠬᠤ ᠬᠡᠷᠡᠭᠲᠡᠢ ᠃ ᠬᠠᠭᠤᠴᠢ ᠰᠤᠳᠤᠯᠤᠯ ᠤᠨ | ᠪᠠᠶᠢᠴᠠᠭᠠᠯᠲᠠ ᠪᠠ ᠬᠠᠶᠢᠨ ᠰᠢᠨᠵᠢᠯᠲᠡ ᠬᠢᠬᠦ ᠪᠠᠷ ᠳᠠᠮᠵᠢᠭᠠᠳ ᠲᠡᠦᠬᠡ ᠶᠢᠨ ᠳᠤᠷᠠᠰᠬᠠᠯᠲᠤ ᠵᠦᠢᠯ ᠣᠯᠵᠤ ᠮᠡᠳᠡᠭᠰᠡᠨ ᠦᠭᠡᠢ ᠪᠣᠯ ᠥᠪᠡᠷᠲᠡᠭᠡᠨ ᠵᠠᠰᠠᠬᠤ | ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠤᠯᠢ ᠳᠤ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ | ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠬᠤ ᠬᠡᠷᠡᠭᠲᠡᠢ︔ ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠢᠯᠡᠷᠡᠭᠦᠯᠪᠡᠯ ᠂ ᠥᠪᠡᠷᠲᠡᠭᠡᠨ ᠵᠠᠰᠠᠬᠤ ᠣᠷᠣᠨ ᠤ | ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠶᠢᠨ ᠰᠢᠨᠵᠢᠯᠲᠡ ᠶᠢᠨ ᠠᠵᠢᠯ ᠬᠢᠭᠰᠡᠨ ᠰᠠᠭᠤᠷᠢᠨ ᠳᠡᠭᠡᠷ᠎ᠡ ᠨᠡᠭᠡᠭᠡᠨ | ᠮᠠᠯᠲᠠᠬᠤ ᠲᠥᠯᠥᠪᠯᠡᠭᠡ ᠳᠤᠷᠠᠳᠴᠤ ᠂ ᠲᠥᠷᠥ ᠶᠢᠨ ᠶᠠᠪᠤᠳᠠᠯ ᠤᠨ ᠬᠤᠷᠢᠶᠠᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ ᠃ ᠦᠨᠡᠨ ᠬᠦ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠠᠭᠠᠯᠠᠬᠤ | ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠬᠤ ᠣᠷᠣᠨ ᠪᠦᠰᠡ ᠶᠢᠨ ᠳᠣᠲᠣᠷ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ | ᠴᠢᠬᠤᠯᠠᠲᠠᠢ ᠪᠠᠶᠢᠪᠠᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ︾ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ ᠃ | ᠭᠤᠷᠪᠠ ᠂ ᠪᠦᠲᠦᠭᠡᠨ ᠪᠠᠶᠢᠭᠤᠯᠬᠤ ᠪᠠᠷᠢᠯᠭ᠎ᠠ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ ᠬᠡᠷᠡᠭᠲᠡᠢ ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠪᠠ | ᠲᠤᠰ ᠮᠡᠳᠡᠭᠳᠡᠯ ᠤᠨ ᠵᠣᠷᠢᠭ ᠰᠠᠨᠠᠭ᠎ᠠ ᠶᠢ ᠦᠨᠳᠦᠰᠦᠯᠡᠨ ᠂ ᠡᠯ᠎ᠡ ᠲᠥᠷᠥᠯ ᠤᠨ ᠪᠦᠲᠦᠭᠡᠨ ᠪᠠᠶᠢᠭᠤᠯᠬᠤ ᠲᠥᠷᠥᠯ ᠵᠦᠢᠯ ᠳᠤ ᠰᠠᠶᠢᠲᠤᠷ ᠬᠢᠨᠠᠯᠲᠠ ᠬᠠᠮᠢᠶᠠᠷᠤᠯᠲᠠ | ᠬᠢᠬᠦ ᠬᠡᠷᠡᠭᠲᠡᠢ ᠃ ᠪᠠᠷᠢᠯᠭ᠎ᠠ ᠶᠢᠨ ᠭᠠᠵᠠᠷ ᠰᠣᠩᠭᠤᠬᠤ ᠳᠤ ᠪᠠᠨ ᠨᠡᠭᠦᠯᠭᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠠᠴᠠ ᠵᠠᠶᠢᠯᠠᠬᠤ | ᠬᠡᠷᠡᠭᠲᠡᠢ ᠂ ᠣᠨᠴᠠᠭᠠᠶ ᠪᠠᠶᠢᠳᠠᠯ ᠠᠴᠠ ᠪᠣᠯᠵᠤ ᠦᠨᠡᠨ ᠬᠦ ᠵᠠᠶᠢᠯᠠᠭᠤᠯᠬᠤ ᠪᠣᠯᠣᠯᠴᠠᠭ᠎ᠠ ᠦᠭᠡᠢ ᠪᠣᠯᠪᠠᠯ ᠬᠠᠤᠯᠢ ᠲᠣᠭᠲᠠᠭᠠᠯ ᠶᠣᠰᠣᠭᠠᠷ ᠲᠡᠦᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ ᠃ ᠪᠠᠷᠢᠯᠭ᠎ᠠ ᠪᠠᠷᠢᠬᠤ | ᠶᠠᠪᠤᠴᠠ ᠳᠤ ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠢᠯᠡᠷᠡᠭᠦᠯᠪᠡᠯ ᠂ ᠲᠤᠬᠠᠢ ᠶᠢᠨ ᠭᠠᠵᠠᠷ ᠢ ᠨᠢ ᠬᠠᠮᠠᠭᠠᠯᠠᠵᠤ ᠂ ᠳᠠᠷᠤᠶᠢᠬᠠᠨ ᠲᠤᠬᠠᠢ ᠶᠢᠨ ᠭᠠᠵᠠᠷ ᠤᠨ | ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ︾ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠢᠯᠡᠷᠡᠭᠰᠡᠨ ᠬᠠᠭᠤᠴᠢ | ᠰᠤᠳᠤᠯᠤᠯ ᠤᠨ ᠪᠠᠶᠢᠴᠠᠭᠠᠯᠲᠠ ᠂ ᠬᠠᠶᠢᠨ ᠰᠢᠨᠵᠢᠯᠲᠡ ᠂ ᠨᠡᠭᠡᠭᠡᠨ ᠮᠠᠯᠲᠠᠬᠤ ᠠᠵᠢᠯ ᠢ ᠬᠠᠷᠰᠢᠯᠠᠨ ᠨᠥᠯᠥᠭᠡᠯᠡᠬᠦ ᠂ ᠬᠤᠷᠢᠭᠯᠠᠨ ᠰᠠᠭᠠᠲᠠᠭᠠᠬᠤ ᠪᠠ ᠲᠡᠦᠬᠡ ᠶᠢᠨ | ᠳᠤᠷᠠᠰᠬᠠᠯᠲᠤ ᠵᠦᠢᠯ ᠢ ᠡᠪᠳᠡᠨ ᠰᠦᠢᠳᠬᠡᠬᠦ ᠂ ᠲᠡᠦᠬᠡ ᠶᠢᠨ ᠳᠤᠷᠠᠰᠬᠠᠯᠲᠤ ᠵᠦᠢᠯ ᠢ ᠳᠦᠷᠭᠢᠯᠳᠦᠨ ᠪᠤᠯᠢᠶᠠᠯᠳᠤᠬᠤ ᠵᠡᠷᠭᠡ ᠦᠢᠯᠡ ᠠᠵᠢᠯᠯᠠᠭ᠎ᠠ ᠶᠢ ᠬᠠᠤᠯᠢ | ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠃ | ᠳᠥᠷᠪᠡ ᠂ ᠤᠷᠢᠳᠠᠴᠢ ᠬᠢᠨᠠᠨ ᠵᠥᠪᠰᠢᠶᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠃ ᠪᠦᠬᠦ ᠣᠷᠣᠨ ᠤ ᠡᠯ᠎ᠡ ᠱᠠᠲᠤᠨ ᠤ ᠲᠡᠦᠬᠡ ᠶᠢᠨ | ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ | ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠨ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠠᠵᠢᠯ ᠢ ᠥᠷᠨᠢᠭᠦᠯᠬᠦ | ᠬᠡᠷᠡᠭᠲᠡᠢ ᠃ ᠬᠠᠭᠤᠴᠢ ᠰᠤᠳᠤᠯᠤᠯ ᠤᠨ ᠪᠠᠶᠢᠴᠠᠭᠠᠯᠲᠠ ᠂ ᠬᠠᠶᠢᠨ ᠰᠢᠨᠵᠢᠯᠲᠡ ᠂ ᠨᠡᠭᠡᠭᠡᠨ ᠮᠠᠯᠲᠠᠯᠲᠠ ᠶᠢᠨ ᠨᠢᠭᠡᠴᠢ ᠶᠢᠨ ᠬᠢᠷᠢ ᠭᠡᠮ ᠢ ᠴᠢᠩᠭ᠎ᠠ ᠬᠢᠨᠠᠨ | ᠪᠠᠶᠢᠴᠠᠭᠠᠵᠤ ᠂ ᠬᠠᠭᠤᠴᠢ ᠰᠤᠳᠤᠯᠤᠯ ᠤᠨ ᠠᠵᠢᠯ ᠤᠨ ᠶᠠᠰᠤ ᠴᠢᠨᠠᠷ ᠲᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ ᠬᠡᠷᠡᠭᠲᠡᠢ ᠃ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠬᠠᠤᠯᠢ ᠳᠤ | ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠵᠥᠪᠰᠢᠶᠡᠷᠡᠯ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠬᠠᠭᠤᠴᠢ ᠰᠤᠳᠤᠯᠤᠯ ᠤᠨ ᠪᠠᠶᠢᠴᠠᠭᠠᠯᠲᠠ ᠂ ᠬᠠᠶᠢᠨ ᠰᠢᠨᠵᠢᠯᠲᠡ ᠂ | ᠨᠡᠭᠡᠭᠡᠨ ᠮᠠᠯᠲᠠᠬᠤ ᠠᠵᠢᠯ ᠢ ᠬᠡᠷᠡᠭᠵᠢᠭᠦᠯᠬᠦ ᠨᠢᠭᠡᠴᠢ ᠨᠦᠭᠦᠳ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠂ ᠠᠵᠢᠯᠯᠠᠬᠤ ᠠᠷᠭ᠎ᠠ ᠶᠢᠨ ᠲᠠᠯ᠎ᠠ ᠳᠤ | ᠰᠢᠨ᠎ᠡ ᠶᠢ ᠡᠭᠦᠳᠴᠦ ᠂ ᠬᠠᠤᠯᠢ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠬᠦ ᠬᠡᠷᠡᠭᠲᠡᠢ ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠠᠪᠤᠴᠠ ᠳᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠ ᠰᠦᠪᠡᠭᠴᠢ ᠶᠢ ᠰᠢᠯᠵᠢᠭᠦᠯᠦᠨ ᠬᠦᠷᠭᠡᠬᠦ | ᠲᠣᠭᠲᠠᠴᠠ ᠂ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ ᠃ | ᠲᠠᠪᠤ ᠂ ᠪᠤᠰᠤᠳ ᠬᠤᠯᠪᠣᠭᠳᠠᠯ ᠪᠦᠬᠦᠢ ᠵᠦᠢᠯᠡᠰ ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠪᠠ ᠵᠠᠶᠢᠯᠠᠰᠢ | ᠦᠭᠡᠢ ᠴᠢᠨᠠᠷ ᠢ ᠭᠦᠢᠴᠡᠳ ᠲᠠᠨᠢᠵᠤ ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠪᠠᠶᠢᠭ᠎ᠠ ᠶᠠᠪᠤᠳᠠᠯ ᠪᠣᠯ ᠮᠥᠨ ᠴᠦ ᠵᠠᠰᠠᠭ ᠤᠨ ᠠᠵᠢᠯ ᠤᠨ ᠠᠮᠵᠢᠯᠲᠠ | ᠪᠦᠲᠦᠮᠵᠢ ᠪᠣᠯᠬᠤ ᠰᠢᠨᠵᠢᠯᠡᠬᠦ ᠤᠬᠠᠭᠠᠨᠴᠢ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ ᠂ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠰᠣᠶᠣᠯ ᠤᠨ ᠥᠪ ᠤᠨ ᠬᠠᠮᠠᠭᠠᠯᠠᠯᠲᠠ ᠶᠢᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ ᠮᠡᠳᠡᠭᠡᠯᠡᠬᠦ ᠳᠦᠷᠢᠮ ᠂ | ᠲᠤᠰᠬᠠᠢ ᠮᠡᠷᠭᠡᠵᠢᠯᠲᠡᠨ ᠠᠴᠠ ᠯᠠᠪᠯᠠᠭ᠎ᠠ ᠠᠪᠬᠤ ᠳᠦᠷᠢᠮ ᠵᠢᠴᠢ ᠣᠯᠠᠨ ᠨᠡᠶᠢᠲᠡ ᠪᠠ ᠶᠠᠷᠢᠶ᠎ᠠ ᠬᠡᠯᠡᠯᠴᠡᠭᠡ ᠪᠠᠷ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠵᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ | ᠤᠬᠠᠭᠤᠯᠵᠤ ᠂ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ ︾ ᠂ ︽5.18 ᠤ ᠣᠯᠠᠨ ᠤᠯᠤᠰ ᠤᠨ ᠮᠦᠽᠧᠢ ᠶᠢᠨ ᠡᠳᠦᠷ ︾ ᠵᠡᠷᠭᠡ ᠲᠣᠬᠢᠶᠠᠯ ᠢ | ᠠᠰᠢᠭᠯᠠᠨ ᠂ ︽ᠲᠣᠰᠬᠤᠨ ᠪᠣᠯᠭᠠᠨ ᠳᠤ ᠳᠠᠭᠤᠷᠢᠰᠤᠭᠤᠯᠬᠤ ︾ ᠷᠠᠳᠢᠣ᠋ ᠨᠡᠪᠲᠡᠷᠡᠭᠦᠯᠭᠡ ᠶᠢᠨ ᠲᠠᠪᠴᠠᠩ ᠂ ᠤᠬᠠᠭᠤᠯᠭ᠎ᠠ ᠶᠢᠨ ᠪᠤᠯᠤᠩ ᠂ ᠤᠬᠠᠭᠤᠯᠭ᠎ᠠ ᠶᠢᠨ | ᠲᠣᠪᠬᠢᠮᠠᠯ ᠵᠡᠷᠭᠡ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ᠳᠦᠷᠢᠮ ᠤᠨ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠵᠦ ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠤᠬᠠᠢ ᠣᠯᠠᠨ ᠨᠡᠶᠢᠲᠡ ᠶᠢᠨ ᠬᠠᠤᠯᠢ ᠳᠦᠷᠢᠮ ᠤᠨ ᠦᠵᠡᠯᠲᠡ ᠶᠢ ᠨᠢ | ᠴᠢᠩᠭᠠᠷᠠᠭᠤᠯᠤᠨ ᠂ ᠨᠡᠶᠢᠭᠡᠮ ᠳᠠᠶᠠᠭᠠᠷ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠳᠤ ᠣᠷᠣᠯᠴᠠᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ ᠃ | ᠪᠥᠬᠦ ᠣᠷᠣᠨ ᠤ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠦᠷᠦᠭᠦᠯᠡᠨ ᠬᠠᠷᠢᠭᠤᠴᠠᠵᠤ | ᠶᠡᠷᠦᠩᠬᠡᠶᠢᠯᠡᠨ ᠠᠳᠬᠤᠵᠤ ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠪᠠ | ᠴᠠᠭᠳᠠᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ ᠂ ᠡᠯ᠎ᠡ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ | ᠰᠢᠮᠳᠠᠭᠤᠯᠤᠨ ᠵᠢᠯᠤᠭᠤᠳᠴᠤ ᠪᠠᠶᠢᠭᠠᠳ ︽ᠳᠥᠷᠪᠡ ᠶᠢ ᠪᠦᠷᠢᠯᠳᠦᠭᠦᠯᠦᠭᠰᠡᠨ ︵ᠬᠠᠮᠠᠭᠠᠯᠠᠬᠤ ᠬᠡᠪᠴᠢᠶ᠎ᠡ ᠲᠠᠢ ᠂ ᠲᠡᠮᠳᠡᠭ ᠬᠠᠲᠠᠭᠰᠠᠨ ᠲᠣᠳᠣᠷᠬᠠᠶᠢᠯᠠᠯᠲᠠ ᠲᠠᠢ ᠂ | ᠲᠡᠮᠳᠡᠭᠯᠡᠯ ᠤᠨ ᠲᠠᠩᠰᠠ ᠡᠪᠬᠡᠮᠡᠯ ᠲᠠᠢ ᠂ ᠲᠤᠰᠬᠠᠢ ᠪᠠᠶᠢᠭᠤᠯᠤᠮᠵᠢ ᠲᠠᠢ ᠪᠤᠶᠤ ᠲᠤᠰᠬᠠᠢ ᠬᠥᠮᠥᠨ ᠢᠶᠠᠷ ᠬᠠᠷᠢᠭᠤᠴᠠᠭᠤᠯᠤᠨ ᠬᠠᠮᠢᠶᠠᠷᠤᠭᠤᠯᠤᠭᠰᠠᠨ ᠪᠠᠶᠢᠬᠤ︶ | ᠲᠠᠩᠰᠠ ᠡᠪᠬᠡᠮᠡᠯ ︾ ᠢ ᠦᠷᠭᠦᠯᠵᠢᠯᠡᠨ ᠪᠦᠷᠢᠨᠰᠢᠭᠦᠯᠵᠦ ᠂ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠂ ᠬᠠᠮᠢᠶᠠᠷᠤᠯᠲᠠ ᠶᠢ ᠴᠢᠩᠭᠠᠳᠬᠠᠬᠤ ᠂ ᠦᠨ᠎ᠡ | ᠥᠷᠲᠡᠭ ᠢ ᠠᠭᠤᠳᠠᠯᠬᠤ ᠂ ᠪᠦᠲᠦᠮᠵᠢᠲᠡᠶ ᠠᠰᠢᠭᠯᠠᠬᠤ ᠂ ᠲᠡᠦᠬᠡ ᠶᠢᠨ ᠳᠤᠷᠠᠰᠬᠠᠯᠲᠤ ᠵᠦᠢᠯ ᠢ ᠰᠡᠷᠭᠦᠭᠡᠨ ᠠᠮᠢᠯᠠᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ | 2024 ᠣᠨ ᠤ 10 ᠳ᠋ᠤᠭᠠᠷ ᠰᠠᠷ᠎ᠠ ᠶᠢᠨ 15 ᠤ ᠡᠳᠦᠷ | ︵ ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 10 ᠳ᠋ᠤᠭᠠᠷ ᠰᠠᠷ᠎ᠠ ᠶᠢᠨ | 15 ᠤ ᠡᠳᠦᠷ ᠳᠠᠷᠤᠮᠠᠯᠯᠠᠨ ᠲᠠᠷᠬᠠᠭᠠᠪᠠ | | |