ᠬᠥᠯᠥᠨ ᠪᠤᠶᠢᠷ ᠬᠤᠲᠠ ᠤᠯᠤᠰ ᠤᠨ ︽ᠬᠤᠶᠠᠷ ᠬᠠᠯᠬᠠᠪᠴᠢ ᠭᠤᠷᠪᠠᠨ ᠪᠦᠰᠡ︾ ᠶᠢᠨ ᠳᠣᠲᠣᠷᠠᠬᠢ ᠵᠡᠭᠦᠨ ᠬᠤᠶᠢᠲᠤ ᠶᠢᠨ ᠣᠶ ᠰᠢᠭᠤᠶ ᠶᠢᠨ ᠪᠦᠰᠡ | ᠪᠣᠯᠤᠨ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠬᠦ ᠪᠦᠰᠡ ᠪᠣᠯᠬᠤ ᠪᠥᠭᠡᠳ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠠᠮᠢ ᠠᠬᠤᠶ ᠶᠢᠨ | ᠴᠢᠳᠠᠮᠵᠢᠲᠦ ᠣᠷᠣᠨ ᠪᠣᠯᠬᠤ ᠪᠥᠭᠡᠳ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠪᠠᠬᠢᠯᠡᠯᠲᠡ ᠪᠣᠯᠤᠨ᠎ᠠ᠃ ᠤᠢᠢᠷ᠎ᠠ ᠶᠢᠨ ᠵᠢᠯ ᠠᠴᠠ᠂ ᠬᠥᠯᠥᠨ ᠪᠤᠶᠢᠷ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠪᠠᠷ ᠭᠠᠷᠳᠠᠴᠠ ᠪᠣᠯᠭᠠᠵᠤ᠂ ᠠᠭᠤᠷᠬᠠᠢ ᠶᠢᠨ | ᠣᠷᠣᠨ ᠤ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠪᠠ᠃ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠬᠥᠳᠡᠯᠦᠩᠭᠦᠶ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠵᠢᠯ ᠪᠦᠷᠢ ᠶᠢᠨ ᠠᠯᠤᠰ | ᠰᠡᠷᠡᠯ ᠤᠨ ᠬᠢᠨᠠᠨ ᠬᠡᠮᠵᠢᠯᠲᠡ ᠶᠢᠨ ᠵᠢᠷᠤᠭ ᠳᠦᠷᠰᠦ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠥᠳᠡᠯᠦᠩᠭᠦᠶ ᠬᠢᠨᠠᠨ ᠬᠡᠮᠵᠢᠯᠲᠡ ᠶᠢᠨ ᠡᠬᠡ ᠲᠠᠩᠰᠠ ᠪᠠ | ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠪᠠᠶᠢᠴᠠᠭᠠᠬᠤ ᠲᠠᠢ ᠤᠶᠠᠯᠳᠤᠭᠤᠯᠤᠨ᠂ ᠪᠥᠬᠦ ᠬᠤᠲᠠ ᠶᠢᠨ ᠠᠭᠤᠷᠬᠠᠶ ᠶᠢᠨ | ᠭᠠᠵᠠᠷ ᠤᠨ ᠣᠷᠴᠢᠨ ᠲᠣᠭᠤᠷᠢᠨ ᠤ ᠬᠥᠳᠡᠯᠦᠩᠭᠦᠶ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠭᠤᠷᠬᠠᠶ ᠶᠢᠨ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠶᠢ ᠢᠳᠡᠪᠬᠢᠲᠡᠶ | ᠭᠦᠢᠴᠡᠳᠭᠡᠪᠡ᠃ | ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ ᠵᠠᠭᠪᠤᠷ ᠲᠤ ᠰᠢᠨ᠎ᠡ ᠶᠢ ᠡᠭᠦᠳᠦᠪᠡ᠃ ᠠᠭᠤᠷᠬᠠᠶ ᠶᠢᠨ ᠠᠵᠤ ᠠᠬᠤᠶᠢᠯᠠᠯ ᠤᠨ ᠭᠤᠷᠪᠠᠳᠠᠬᠢ | ᠡᠲᠡᠭᠡᠳ ᠤᠨ ᠵᠠᠰᠠᠯᠲᠠ ᠶᠢᠨ ᠺᠣᠮᠫᠠᠨᠢ ᠶᠢ ᠣᠷᠣᠭᠤᠯᠤᠨ ᠠᠪᠴᠢᠷᠠᠵᠤ ᠠᠭᠤᠷᠬᠠᠶ ᠶᠢᠨ ᠠᠮᠢ ᠠᠬᠤᠶ ᠶᠢᠨ ᠰᠡᠷᠭᠦᠭᠡᠯᠲᠡ ᠳᠤ ᠣᠷᠣᠯᠴᠠᠬᠤ ᠶᠢ ᠵᠣᠷᠢᠭᠵᠢᠭᠤᠯᠤᠨ | ᠳᠡᠮᠵᠢᠵᠦ᠂ ︽ᠠᠭᠤᠷᠬᠠᠢ ᠶᠢ ᠵᠠᠰᠠᠬᠤ + ᠭᠡᠷᠡᠯ ᠴᠡᠨᠡᠭ ︾᠂ ︽ᠪᠣᠬᠢᠷᠲᠤᠯ ᠥᠬᠡᠶ ᠠᠭᠤᠷᠬᠠᠶ + ᠵᠢᠭᠤᠯᠴᠢᠯᠠᠯ︾ ᠵᠡᠷᠭᠡ ᠰᠡᠷᠭᠦᠭᠡᠨ ᠵᠠᠰᠠᠬᠤ ᠰᠢᠨ᠎ᠡ ᠵᠠᠭᠪᠤᠷ ᠢ | ᠪᠣᠶ ᠪᠣᠯᠭᠠᠨ᠎ᠠ᠃ ᠵᠢᠱᠢᠶᠠᠯᠠᠪᠠᠯ᠄ ᠪᠤᠷᠤᠰᠢᠯᠢ ᠵᠠᠳᠠᠭᠠᠢ ᠠᠭᠤᠷᠬᠠᠢ ᠨᠢᠭᠡᠨᠲᠡ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠠᠰᠢᠭᠯᠠ 74.5MW ᠦᠪᠡᠰᠦᠪᠡᠨ | ᠬᠡᠷᠡᠭᠯᠡᠬᠦ ᠭᠡᠷᠡᠯ ᠴᠡᠨᠡᠭ ᠤᠨ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠲᠥᠯᠥᠪᠯᠡᠭᠰᠡᠨ ᠴᠠᠬᠢᠯᠭᠠᠨ ᠭᠠᠷᠭᠠᠬᠤ ᠬᠡᠮᠵᠢᠶ᠎ᠡ ᠨᠢ 1.23 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠬᠦᠬᠦᠷ ᠤᠨ ᠳᠠᠪᠬᠤᠷ ᠢᠰᠦᠯ ᠤᠨ ᠵᠢᠯ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 14.8 ᠲᠣᠨ ᠪᠠᠭᠠᠰᠬᠠᠵᠤ᠂ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠵᠢᠯ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠷᠤᠭ 9.4 ᠲᠦᠮᠡᠨ ᠲᠣᠨ ᠪᠠᠭᠠᠰᠬᠠᠵᠤ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠢ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠤᠪᠢᠷᠠᠭᠤᠯᠬᠤ ᠶᠢ ᠬᠦᠴᠦᠲᠡᠢ ᠠᠬᠢᠭᠤᠯᠪᠠ᠃ | ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠴᠢᠩᠭ᠎ᠠ ᠠᠳᠬᠤᠪᠠ᠃ ᠲᠡᠤᠬᠡᠨ ᠠᠴᠠ | ᠦᠯᠡᠳᠡᠭᠳᠡᠵᠦ ᠢᠷᠡᠭᠰᠡᠨ ᠠᠭᠤᠷᠬᠠᠶ ᠶᠢᠨ ᠵᠢᠷᠤᠭ ᠲᠣᠯᠪᠤ ᠶᠢ ᠬᠢᠨᠠᠨ ᠪᠠᠶᠢᠴᠠᠭᠠᠬᠤ ᠠᠵᠢᠯ ᠢ ᠬᠢᠨᠠᠮᠠᠭᠠᠶ ᠥᠷᠨᠢᠭᠦᠯᠵᠦ᠂ ᠪᠥᠬᠦ ᠬᠤᠲᠠ ᠶᠢᠨ ᠲᠤᠭ᠎ᠠ ᠪᠠᠷᠢᠮᠲᠠ ᠶᠢᠨ ︽ | ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ︾ ᠪᠠᠶᠢᠬᠤ ᠶᠢ ᠪᠡᠶᠡᠯᠡᠭᠦᠯᠵᠦ᠂ ︽ᠪᠠᠯᠠ ᠮᠥᠩᠭᠦ ᠨᠢ ᠲᠥᠷᠥᠯ ᠵᠦᠢᠯ ᠢᠶᠠᠨ ᠳᠠᠭᠠᠬᠤ᠂ ᠲᠥᠷᠥᠯ ᠵᠦᠢᠯ | ᠨᠢ ᠲᠤᠯᠪᠤᠲᠦ ᠵᠢᠷᠤᠭ ᠢᠶᠠᠨ ᠳᠠᠭᠠᠬᠤ᠂ ᠲᠤᠯᠪᠤᠲᠦ ᠵᠢᠷᠤᠭ ᠨᠢ ᠲᠥᠯᠥᠪᠵᠢᠭᠦᠯᠭᠡ ᠪᠠᠨ ᠳᠠᠭᠠᠬᠤ︾ ᠵᠠᠷᠴᠢᠮ ᠶᠣᠰᠣᠭᠠᠷ᠂ 2024 ᠣᠨ ᠤ 6 ᠲᠡᠤᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ | ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃ | |