ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠠᠷᠢᠯᠭᠠᠨ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ | ᠲᠤᠰᠠᠳᠠ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠠᠵᠤ | ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠡᠷᠡᠰ ᠭᠤᠶᠢᠪᠢᠰᠢ ᠥᠬᠡᠢ ᠲᠦᠯᠬᠢᠨ ᠠᠬᠢᠭᠤᠯᠪᠠ᠃ | ᠰᠢᠨ᠎ᠡ ᠵᠢᠷᠤᠭ ᠲᠥᠰᠦᠪ ᠢ ᠵᠢᠷᠤᠭᠯᠠᠵᠤ᠂ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠪᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠦᠨᠡᠯᠡᠨ ᠵᠢᠱᠢᠵᠦ ᠵᠠᠰᠠᠨ ᠨᠠᠶᠢᠷᠠᠭᠤᠯᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠦᠴᠦᠨ ᠵᠦᠢᠯ ᠢ ᠡᠵᠡᠮᠰᠢᠬᠦ ᠵᠢᠴᠢ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠡᠵᠡᠮᠰᠢᠬᠦ ᠪᠠᠷ | ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠭᠤᠤᠯᠳᠠᠯᠭ᠎ᠠ ᠲᠠᠢ ᠲᠥᠷᠥᠯ ᠵᠦᠢᠯ ᠤᠨ ᠰᠢᠯᠵᠢᠭᠦᠯᠦᠨ ᠨᠡᠭᠦᠯᠭᠡᠬᠦ ᠣᠷᠣᠨ ᠵᠠᠶ ᠶᠢ ᠰᠢᠯᠵᠢᠭᠦᠯᠦᠨ ᠬᠡᠷᠡᠭᠯᠡᠬᠦ ᠳᠤ ᠭᠠᠵᠠᠷ ᠬᠡᠷᠡᠭᠯᠡᠬᠦ ᠪᠠᠲᠤᠯᠠᠭ᠎ᠠ ᠶᠢ ᠰᠠᠶᠢᠲᠤᠷ ᠬᠢᠬᠦ | ᠬᠡᠷᠡᠭᠲᠡᠶ᠃ ᠣᠳᠣᠬᠠᠨ ᠳᠤ᠂ 10 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠴᠥᠮ ᠲᠥᠯᠥᠪᠵᠢᠭᠦᠯᠭᠡ ᠶᠢ ᠦᠨᠡᠯᠡᠨ ᠵᠢᠱᠢᠵᠦ ᠵᠠᠰᠠᠨ ᠨᠠᠶᠢᠷᠠᠭᠤᠯᠬᠤ | ᠠᠵᠢᠯ ᠢ ᠥᠷᠨᠢᠭᠦᠯᠵᠦ᠂ ᠡᠭᠦᠨ ᠳᠤ ᠴᠢᠩᠱᠠᠨ ᠲᠣᠭᠤᠷᠢᠭ ᠤᠨ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠢ ᠦᠨᠡᠯᠡᠨ ᠵᠢᠱᠢᠭᠰᠡᠨ ᠦᠷ᠎ᠡ ᠪᠦᠲᠦᠭᠡᠯ ᠢ | ᠨᠢᠭᠡᠨᠲᠡ ᠲᠣᠭᠲᠠᠭᠠᠯ ᠤᠨ ᠵᠥᠪᠯᠡᠯ ᠳᠤ ᠬᠢᠨᠠᠨ ᠵᠥᠪᠯᠡᠪᠡ᠃ | ᠰᠢᠨ᠎ᠡ ᠲᠣᠭᠲᠠᠴᠠ ᠶᠢ ᠪᠦᠷᠢᠯᠳᠦᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ︽ᠭᠠᠵᠠᠷ | ᠠᠪᠤᠮᠠᠭᠴᠠ ᠳᠠᠷᠤᠢ ᠦᠨᠡᠮᠯᠡᠯ ᠠᠪᠬᠤ︾ ᠶᠢ ᠪᠠᠶᠢᠩᠭᠤᠵᠢᠭᠤᠯᠬᠤ ᠵᠢᠴᠢ ︽ᠭᠤᠷᠪᠠᠨ ᠦᠨᠡᠮᠯᠡᠯ ᠢ ᠵᠡᠷᠭᠡᠪᠡᠷ ᠲᠠᠷᠬᠠᠭᠠᠬᠤ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ | ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠲᠦᠷᠦᠭᠦᠯᠡᠨ ᠲᠥᠯᠥᠪᠵᠢᠭᠦᠯᠵᠦ᠂ ᠠᠷᠭ᠎ᠠ ᠵᠠᠮ ᠰᠦᠪᠡᠭᠴᠢᠯᠡᠨ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ︽ᠲᠠᠪᠤᠨ ᠦᠨᠡᠮᠯᠡᠯ ᠢ ᠬᠤᠯᠪᠤᠭᠠᠯᠠᠨ ᠲᠠᠷᠬᠠᠭᠠᠬᠤ︾ ᠶᠢ ᠪᠡᠶᠡᠯᠡᠭᠦᠯᠪᠡ᠃ ᠣᠳᠣᠬᠠᠨ ᠳᠤ᠂ | ᠪᠥᠬᠦ ᠬᠤᠲᠠ ᠳᠤ ᠨᠡᠶᠢᠲᠡ 101 ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳᠤᠵᠤ᠂ 8415 ᠮᠥ ᠭᠠᠵᠠᠷ ᠰᠢᠷᠣᠶ ᠶᠢᠨ ᠦᠨ᠎ᠡ ᠪᠠᠷ | ᠬᠤᠳᠠᠯᠳᠤᠭᠰᠠᠨ ᠦᠨ᠎ᠡ 11.58 ᠳ᠋ᠦᠩᠰᠢᠭᠤᠷ ᠲᠥᠭᠦᠷᠢᠭ ᠲᠤ ᠬᠦᠷᠴᠡᠶ᠃ | ᠰᠢᠨ᠎ᠡ ᠵᠠᠮ ᠢ ᠵᠢᠷᠤᠭᠯᠠᠵᠤ᠂ ᠰᠢᠨ᠎ᠡ ᠶᠢ ᠡᠭᠦᠳᠬᠦ ᠠᠷᠭ᠎ᠠ ᠮᠠᠶ᠋ᠢᠭ ᠢᠶᠠᠷ ᠭᠠᠵᠠᠷ ᠬᠠᠩᠭᠠᠪᠠ᠃ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠥᠭᠬᠦ᠂ | ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ᠂ ᠬᠠᠷᠢᠮᠠᠬᠠᠢ ᠴᠢᠨᠠᠷᠲᠠᠢ ᠵᠢᠯ ᠤᠨ ᠬᠤᠭᠤᠴᠠᠭ᠎ᠠ ᠵᠡᠷᠭᠡ ᠠᠷᠭ᠎ᠠ ᠮᠠᠶ᠋ᠢᠭ ᠢᠶᠠᠷ ᠭᠠᠵᠠᠷ ᠰᠢᠷᠣᠢ ᠶᠢ | ᠵᠥᠷᠢᠶᠡᠵᠢᠭᠦᠯᠦᠨ ᠬᠠᠩᠭᠠᠬᠤ ᠶᠢ ᠬᠡᠷᠡᠭᠵᠢᠭᠦᠯᠵᠦ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠭᠠᠵᠠᠷ ᠬᠠᠩᠭᠠᠬᠤ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠬᠠᠮᠲᠤ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠣᠳᠣᠬᠠᠨ ᠳᠤ᠂ ᠪᠥᠬᠦ ᠬᠤᠲᠠ ᠳᠤ | ᠰᠢᠨ᠎ᠡ ᠪᠠᠷ 52 ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠦᠭᠰᠡᠨ ᠪᠥᠭᠡᠳ ᠵᠢᠦ | ᠶᠤᠸᠠᠨ ᠮᠢᠩ ᠯᠢ ᠬᠦᠨᠳᠦ ᠠᠵᠤ ᠦᠢᠯᠡᠳᠪᠦᠷᠢ᠂ ᠳ᠋ᠦᠩ ᠾᠧ ᠢ ᠲᠧ ᠬᠥᠩᠭᠡᠨ ᠴᠠᠭᠠᠨ ᠤ ᠦᠢᠯᠡᠰ ᠵᠡᠷᠭᠡ 3 ᠠᠵᠤ ᠠᠬᠤᠶᠢᠯᠠᠯ ᠤᠨ ᠵᠢᠯ ᠤᠨ ᠬᠤᠭᠤᠴᠠᠭ᠎ᠠ ᠶᠢ | ᠪᠠᠭᠠᠰᠬᠠᠪᠠ᠃ | ᠰᠢᠨ᠎ᠡ ᠠᠷᠭ᠎ᠠ ᠶᠢ ᠡᠭᠦᠳᠴᠦ᠂ ᠦᠨᠳᠦᠰᠦᠨ ᠡᠭᠦᠷᠭᠡ ᠶᠢ ᠪᠡᠶᠡᠯᠡᠭᠦᠯᠬᠦ ᠶᠢ ᠠᠬᠢᠭᠤᠯᠪᠠ᠃ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ︾᠂ ︽ᠨᠢᠭᠡ | ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠥᠪᠰᠢᠶᠡᠷᠡᠭᠰᠡᠨ ᠪᠤᠯᠪᠠᠴᠦ ᠬᠠᠩᠭᠠᠭᠰᠠᠨ ᠥᠬᠡᠶ ᠭᠠᠵᠠᠷ ᠰᠢᠷᠣᠶ ᠶᠢ | ᠰᠢᠩᠭᠡᠭᠡᠬᠦ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ᠂ ᠵᠠᠬ᠎ᠠ | ᠳᠡᠯᠭᠡᠭᠦᠷ ᠤᠨ ᠠᠵᠢᠯᠯᠠᠭᠠᠨ ᠢ ᠴᠢᠩᠭᠠᠷᠠᠭᠤᠯᠤᠨ᠂ ᠨᠡᠶᠢᠭᠡᠮ ᠤᠨ ᠬᠥᠷᠥᠩᠭᠡ ᠶᠢ ᠲᠠᠲᠠᠵᠤ ᠰᠤᠯᠠ ᠪᠠᠶᠢᠭ᠎ᠠ ᠭᠠᠵᠠᠷ ᠰᠢᠷᠣᠶ ᠶᠢ ᠨᠡᠭᠡᠭᠡᠨ ᠠᠰᠢᠭᠯᠠᠬᠤ ᠳᠤ | ᠣᠷᠣᠯᠴᠠᠭᠤᠯᠤᠨ᠎ᠠ᠃ ᠣᠳᠣᠬᠠᠨ ᠳᠤ᠂ ᠨᠢᠭᠡᠨᠲᠡ ᠵᠦᠪᠰᠢᠶᠡᠷᠡᠭᠰᠡᠨ ᠪᠤᠯᠪᠠᠴᠦ ᠬᠠᠩᠭᠠᠭᠰᠠᠨ ᠦᠭᠡᠢ ᠭᠠᠵᠠᠷ ᠰᠢᠷᠣᠢ ᠶᠢ 1.46 ᠲᠦᠮᠡᠨ ᠮᠦ ᠰᠢᠩᠭᠡᠭᠡᠵᠦ᠂ ᠣᠨ ᠤ | ᠡᠭᠦᠷᠭᠡ ᠶᠢᠨ 73.74% ᠶᠢ ᠪᠡᠶᠡᠯᠡᠭᠦᠯᠪᠡ︔ 420 ᠮᠦ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠵᠦ᠂ ᠵᠢᠯ ᠤᠨ ᠡᠭᠦᠷᠭᠡ ᠶᠢᠨ 80.95% ᠶᠢ | ᠪᠡᠶᠡᠯᠡᠭᠦᠯᠪᠡ᠃ | |