ᠮᠡᠳᠡᠭᠦᠯᠦᠯᠲᠡ ᠠᠴᠠ ᠦᠵᠡᠪᠡᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ 6500 ᠲᠦᠮᠡᠨ ᠮᠦ ᠪᠠᠭᠠᠰᠪᠠ
ᠨᠡᠶᠢᠲᠡᠯᠡᠭᠰᠡᠨ ᠴᠠᠭ᠄
2024/11/5
  ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 5 ᠤ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ ᠬᠣ᠋ ᠯᠦ᠂ ᠸᠧᠢ ᠬᠤᠩ  ᠢ︶ ᠲᠥᠷᠥ ᠶᠢᠨ ᠶᠠᠪᠤᠳᠠᠯ ᠤᠨ ᠬᠤᠷᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ 5 ᠤ ᠡᠳᠦᠷ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠵᠠᠰᠠᠵᠤ ᠪᠣᠯᠬᠤ 53% ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠦᠲᠦᠮᠵᠢᠲᠡᠶ ᠵᠠᠰᠠᠵᠤ᠂ ᠡᠯᠡᠰᠦᠷᠬᠡᠭᠵᠢᠭᠰᠡᠨ ᠭᠠᠵᠠᠷ ᠤᠨ ᠲᠠᠯᠠᠪᠠᠢ 6500 ᠲᠦᠮᠡᠨ ᠮᠦ ᠪᠠᠭᠠᠰᠴᠤ᠂ ︽ᠪᠦᠬᠦᠯᠢ ᠴᠣᠭᠴᠠ ᠪᠠᠷ ᠢᠶᠠᠨ ᠰᠠᠶᠢᠵᠢᠷᠠᠵᠤ᠂ ᠰᠠᠶᠢᠵᠢᠷᠠᠯᠲᠠ ᠲᠦᠷᠭᠡᠰᠬᠦ︾ ᠰᠠᠶᠢᠨ ᠪᠠᠶᠢᠳᠠᠯ ᠢᠯᠡᠷᠡᠭᠰᠡᠨ ᠪᠠᠶᠢᠨ᠎ᠠ᠃  ᠮᠡᠳᠡᠭᠦᠯᠦᠯᠲᠡ ᠳᠤ ᠲᠠᠨᠢᠯᠴᠠᠭᠤᠯᠤᠭᠰᠠᠨ ᠢᠶᠠᠷ᠂ ︽ᠣᠮᠠᠷᠠᠲᠦ ᠶᠢᠨ ᠭᠤᠷᠪᠠᠨ ᠤᠷᠤᠨ︾ ᠤ ᠬᠠᠯᠬᠠᠪᠴᠢ ᠣᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ  ᠵᠠᠰᠠᠬᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠬᠠᠮᠠᠭᠠᠯᠠᠵᠤ ᠰᠡᠷᠭᠦᠭᠡᠬᠦ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠦᠷᠭᠦᠯᠵᠢᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ 5.38 ᠳ᠋ᠦᠩᠰᠢᠭᠤᠷ ᠮᠦ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ 1.18 ᠳ᠋ᠦᠩᠰᠢᠭᠤᠷ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠦᠲᠦᠮᠵᠢᠲᠡᠢ ᠵᠠᠰᠠᠵᠤ᠂ ︽ᠣᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠣᠷᠣᠨ ᠤ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 12.41% ᠪᠠᠶᠢᠭᠰᠠᠨ ᠠᠴᠠ 13.84% ᠪᠣᠯᠭᠠᠨ ᠳᠡᠭᠡᠭᠰᠢᠯᠡᠭᠦᠯᠵᠦ᠂ ᠤᠰᠤ ᠬᠦᠷᠦᠰᠦ ᠶᠢᠨ ᠢᠳᠡᠭᠳᠡᠯ ᠤᠨ 61% ᠶᠢ ᠪᠦᠲᠦᠮᠵᠢᠲᠡᠶ ᠬᠢᠵᠠᠭᠠᠷᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠪᠠᠷᠠᠭᠤᠨᠰᠢ 300 ᠺᠢᠯᠤᠮᠧᠲᠷ ᠰᠢᠯᠵᠢᠭᠦᠯᠪᠡ᠃ ᠤᠶᠢᠷ᠎ᠠ ᠶᠢᠨ 10 ᠵᠢᠯ ᠳᠤ ᠤᠮᠠᠷᠠᠲᠤ ᠣᠷᠣᠨ ᠤ ᠬᠠᠪᠤᠷ ᠤᠨ ᠤᠯᠠᠷᠢᠯ ᠤᠨ ᠬᠦᠨᠳᠦ ᠨᠣᠴᠢᠲᠠᠢ ᠡᠯᠡᠰᠦᠨ ᠰᠢᠭᠤᠷᠭ᠎ᠠ ᠠᠭᠤᠷ ᠠᠮᠢᠰᠬᠤᠯ ᠢᠯᠡᠷᠬᠡᠢ ᠪᠠᠭᠠᠰᠴᠠᠢ᠃  ᠮᠠᠨ ᠤ ᠤᠯᠤᠰ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠯᠡᠰᠦ ᠶᠢ ᠵᠠᠰᠠᠬᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠰᠢᠨᠵᠢᠶᠠᠩ᠂ ᠭᠠᠨᠰᠦ᠂ ᠥᠪᠥᠷ ᠮᠣᠩᠭᠤᠯ ᠵᠡᠷᠭᠡ ᠭᠠᠩ ᠬᠠᠭᠤᠷᠠᠶ ᠣᠷᠣᠨ ᠳᠤ ᠳᠤᠰᠤᠯᠭᠠᠨ ᠤᠰᠤᠯᠠᠬᠤ ᠤᠰᠤ ᠠᠷᠪᠢᠯᠠᠵᠤ ᠣᠶᠢᠵᠢᠭᠤᠯᠬᠤ ᠮᠡᠷᠭᠡᠵᠢᠯ ᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠨᠡᠯᠢᠶᠡᠳ ᠤᠯᠠᠮᠵᠢᠯᠠᠯᠲᠤ ᠤᠰᠤᠯᠠᠯᠲᠠ ᠳᠤ ᠬᠡᠷᠡᠭᠯᠡᠬᠦ ᠤᠰᠤ 70% ᠰᠢᠬᠠᠮ ᠪᠣᠯᠪᠠ᠃ ᠭᠠᠩ ᠬᠠᠭᠰᠠᠷᠠᠭᠠᠨ ᠳᠤ ᠳᠠᠭᠠᠮᠠᠭᠠᠢ᠂ ᠲᠠᠴᠢᠷ ᠨᠢᠮᠭᠡᠨ ᠮᠥᠷᠲᠡᠭᠡᠨ ᠰᠠᠯᠬᠢ ᠡᠯᠡᠰᠦ ᠶᠢ ᠳᠠᠭᠠᠭᠠᠬᠤ ᠮᠣᠳᠣᠨ ᠤ ᠲᠥᠷᠥᠯ ᠡᠪᠡᠰᠦ ᠶᠢ ᠰᠣᠩᠭᠤᠨ ᠬᠡᠷᠡᠭᠯᠡᠵᠦ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ᠃ ᠨᠢᠩᠰᠢᠶᠠ ᠶᠢᠨ ᠵᠦᠩ ᠸᠧᠢ ᠱᠠ ᠫᠦᠸᠧ ᠲᠸᠤ᠂ ᠭᠠᠨᠰᠦ ᠶᠢᠨ ᠮᠢᠨ ᠴᠢᠨ᠂ ᠥᠪᠥᠷ ᠮᠣᠩᠭᠤᠯ ᠤᠨ ᠳ᠋ᠧᠩᠺᠸᠤ᠂ ᠰᠢᠨᠵᠢᠶᠠᠩ ᠤᠨ ᠺᠧ ᠺᠧ ᠶᠠ᠂ ᠾᠧᠪᠸᠢ ᠶᠢᠨ ᠰᠠᠢ ᠬᠠᠨ ᠪᠠ ᠵᠡᠷᠭᠡ ᠵᠠᠰᠠᠯᠲᠠ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠳᠡᠯᠭᠡᠷᠡᠭᠦᠯᠦᠨ᠎ᠡ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢᠨ ᠮᠠᠰᠢᠨᠴᠢᠯᠠᠯᠲᠠ᠂ ᠤᠶᠤᠨᠴᠢᠯᠠᠭᠰᠠᠨ ᠬᠥᠭᠵᠢᠯᠲᠡ ᠶᠢ ᠲᠦᠷᠭᠡᠳᠬᠡᠵᠦ᠂ ᠡᠯᠡᠰᠦ ᠶᠢ ᠳᠠᠷᠤᠵᠤ ᠡᠯᠡᠰᠦ ᠶᠢ ᠲᠣᠭᠲᠠᠪᠤᠷᠢᠵᠢᠭᠤᠯᠬᠤ ᠮᠠᠰᠢᠨ᠂ ᠪᠤᠲᠠᠯᠢᠭ ᠮᠣᠳᠣᠨ ᠤ ᠭᠤᠤᠷᠰᠤ ᠶᠢ ᠲᠡᠭᠰᠢᠯᠡᠬᠦ ᠮᠠᠰᠢᠨ᠂ ᠵᠢᠯᠣᠭᠤᠴᠢ ᠥᠬᠡᠶ ᠨᠢᠰᠬᠡᠯ ᠤᠨ ᠨᠢᠰᠬᠡᠯ ᠢᠶᠠᠷ ᠨᠡᠪᠲᠡᠷᠡᠭᠦᠯᠬᠦ ᠵᠡᠷᠭᠡ ᠶᠢ ᠥᠷᠭᠡᠨ ᠢᠶᠠᠷ ᠬᠡᠷᠡᠭᠯᠡᠨ᠎ᠡ᠃  ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ ᠡᠯᠡᠰᠦ ᠶᠢ ᠵᠠᠰᠠᠬᠤ ᠪᠠ ᠪᠠᠶᠠᠵᠢᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠯᠡᠰᠦᠷᠬᠡᠭ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠵᠠᠶ᠃ ᠡᠯ᠎ᠡ ᠭᠠᠵᠠᠷ ᠤᠨ ᠬᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠠᠵᠤ ᠦᠢᠯᠡᠰᠵᠢᠭᠦᠯᠬᠦ᠂ ᠠᠵᠤ ᠦᠢᠯᠡᠰ ᠤᠨ ᠬᠥᠭᠵᠢᠯᠲᠡ ᠶᠢ ᠠᠮᠢ ᠠᠬᠤᠶᠢᠵᠢᠭᠤᠯᠬᠤ ᠶᠢ ᠪᠠᠷᠢᠮᠲᠠᠯᠠᠵᠤ᠂ ᠡᠯᠡᠰᠦᠷᠬᠡᠭ ᠣᠷᠣᠨ ᠤ ᠥᠪᠡᠷᠮᠢᠴᠡ ᠡᠬᠢ ᠪᠠᠶᠠᠯᠢᠭ ᠢ ᠠᠰᠢᠭᠯᠠᠨ᠂ ᠡᠮ ᠤᠨ ᠮᠠᠲ᠋ᠧᠷᠢᠶᠠᠯ᠂ ᠴᠢᠨᠠᠷ ᠰᠠᠶᠢᠲᠠᠶ ᠲᠡᠵᠢᠭᠡᠯ ᠡᠪᠡᠰᠦ᠂ ᠠᠵᠤ ᠠᠬᠤᠶ ᠶᠢᠨ ᠣᠶ ᠵᠢᠮᠢᠰ᠂ ᠡᠯᠡᠰᠦᠨ ᠴᠦᠯ ᠤᠨ ᠵᠢᠭᠤᠯᠴᠢᠯᠠᠯ ᠵᠡᠷᠭᠡ ᠠᠵᠤ ᠦᠢᠯᠡᠰ ᠢ ᠵᠣᠬᠢᠰᠲᠠᠶ ᠬᠥᠭᠵᠢᠭᠦᠯᠵᠦ᠂ ᠠᠮᠢ ᠠᠬᠤᠶ ᠶᠢᠨ ᠰᠠᠶᠢᠵᠢᠷᠠᠯᠲᠠ ᠪᠠ ᠠᠵᠤ ᠠᠬᠤᠶ ᠶᠢᠨ ᠬᠥᠭᠵᠢᠯᠲᠡ ᠶᠢ ᠬᠠᠷᠢᠯᠴᠠᠨ ᠳᠣᠪᠤᠶᠢᠯᠭᠠᠬᠤ ᠶᠢ ᠪᠡᠶᠡᠯᠡᠭᠦᠯᠦᠨ᠎ᠡ᠃ ᠰᠢᠷ᠎ᠠ ᠬᠥᠷᠥᠰᠥᠲᠦ ᠥᠨᠳᠦᠷᠯᠢᠭ᠂ ᠶᠠᠨᠱᠠᠨ ᠠᠭᠤᠯᠠᠷᠬᠠᠭ ᠭᠠᠵᠠᠷ᠂ ᠰᠢᠨᠵᠢᠶᠠᠩ ᠤᠨ ᠨᠣᠭᠤᠭᠠᠨ ᠪᠦᠷᠢᠳᠦ ᠵᠡᠷᠭᠡ ᠭᠠᠵᠠᠷ ᠲᠤ ᠨᠢᠭᠡ ᠪᠦᠯᠦᠭ ᠤᠢ ᠵᠢᠮᠢᠰ᠂ ᠭᠤᠸᠠ ᠵᠢᠮᠢᠰ᠂ ᠮᠣᠳᠣᠯᠢᠭ ᠲᠣᠰᠣᠯᠢᠭ ᠲᠠᠷᠢᠮᠠᠯ ᠵᠡᠷᠭᠡ ᠦᠢᠯᠡᠳᠪᠦᠷᠢᠯᠡᠯ ᠤᠨ ᠰᠠᠭᠤᠷᠢᠨ ᠭᠠᠵᠠᠷ ᠪᠦᠷᠢᠯᠳᠦᠵᠦ᠂ ᠵᠢᠯ ᠳᠤ 4800 ᠲᠦᠮᠡᠨ ᠲᠣᠨ ᠬᠠᠲᠠᠭᠠᠭᠰᠠᠨ ᠰᠢᠨ᠎ᠡ ᠰᠣᠷᠭᠤᠭ ᠵᠢᠮᠢᠰ ᠦᠢᠯᠡᠳᠪᠦᠷᠢᠯᠡᠵᠦ᠂ ᠪᠦᠬᠦ ᠤᠯᠤᠰ ᠤᠨ ᠶᠡᠷᠦᠩᠬᠡᠢ ᠭᠠᠷᠤᠯᠲᠠ ᠶᠢᠨ 25% ᠶᠢ ᠡᠵᠡᠯᠡᠵᠦ᠂ ᠭᠤᠣᠯᠳᠠᠯᠭ᠎ᠠ ᠲᠠᠢ ᠭᠠᠵᠠᠷ ᠣᠷᠣᠨ ᠤ ᠤᠢ ᠵᠢᠮᠢᠰ ᠤᠨ ᠣᠷᠣᠯᠭ᠎ᠠ ᠨᠢ ᠲᠠᠷᠢᠶᠠᠴᠢᠳ ᠤᠨ ᠴᠡᠪᠡᠷ ᠣᠷᠣᠯᠭ᠎ᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠡᠯᠡᠰᠦᠷᠬᠡᠭ ᠣᠷᠣᠨ ᠤ ᠠᠮᠢ ᠠᠬᠤᠶ ᠣᠷᠴᠢᠨ ᠲᠣᠭᠤᠷᠢᠨ ᠲᠠᠰᠤᠷᠠᠯᠲᠠ ᠤᠢᠭᠡᠢ ᠰᠠᠶᠢᠵᠢᠷᠠᠵᠤ᠂ ᠲᠠᠷᠢᠶᠠᠨ ᠭᠠᠵᠠᠷ ᠢ ᠪᠦᠲᠦᠮᠵᠢᠲᠡᠶ ᠬᠠᠮᠠᠭᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠤᠮᠠᠷᠠᠲᠤ ᠣᠷᠣᠨ ᠵᠡᠭᠦᠨ ᠬᠤᠶᠢᠲᠤ ᠣᠷᠣᠨ ᠵᠡᠷᠭᠡ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠳᠤ ᠲᠠᠷᠢᠶᠠᠨ ᠭᠠᠵᠠᠷ ᠤᠨ ᠣᠢ ᠶᠢᠨ ᠲᠣᠣᠷ ᠢ ᠦᠨᠳᠦᠰᠦᠨ ᠳᠡᠭᠡᠨ ᠪᠠᠶᠢᠭᠤᠯᠵᠤ᠂ 4.5 ᠳ᠋ᠦᠩᠰᠢᠭᠤᠷ ᠮᠦ ᠲᠠᠷᠢᠶᠠᠨ ᠭᠠᠵᠠᠷ ᠢ ᠬᠠᠮᠠᠭᠠᠯᠠᠭᠰᠠᠨ ᠪᠠᠶᠢᠨ᠎ᠠ᠃ 
ᠢᠷᠡᠯᠲᠡ᠄ ᠰᠢᠨᠬᠤᠸᠠ ᠬᠤᠷᠢᠶ᠎ᠠ