ᠣᠷᠳᠣᠰ ᠬᠤᠲᠠ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾᠎ ᠶᠢ ᠢᠳᠡᠪᠬᠢᠲᠡᠶ ᠠᠬᠢᠭᠤᠯᠵᠤ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/11/6
  ᠨᠢᠳᠤᠨᠤᠨ ᠠᠴᠠ ᠨᠠᠭᠠᠰᠢ᠂ ᠣᠷᠳᠣᠰ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠮᠤᠵᠢ ᠠᠯᠤᠰᠯᠠᠨ ᠨᠡᠶᠢᠳᠡᠮ ᠡᠷᠭᠢᠯᠡᠬᠦ ︽ᠨᠠᠶᠢᠵᠠ ᠶᠢᠨ ᠲᠣᠭᠤᠷᠢᠭ︾᠎ ᠢ ᠲᠠᠰᠤᠷᠠᠯᠲᠠ ᠥᠬᠡᠶ ᠥᠷᠭᠡᠳᠬᠡᠵᠦ᠂ ᠨᠢᠭᠡᠨᠲᠡ ᠪᠡᠭᠡᠵᠢᠩ ᠬᠤᠲᠠ᠂ ᠾᠧᠪᠸᠢ ᠮᠤᠵᠢ᠂ ᠲᠢᠶᠠᠨᠵᠢᠨ ᠬᠤᠲᠠ᠂ ᠱᠠᠨ ᠰᠢ ᠮᠤᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠶᠢᠨᠴᠤᠸᠠᠨ ᠬᠤᠲᠠ᠂ ᠱᠠᠨᠰᠢ ᠮᠤᠵᠢ ᠶᠢᠨ ᠢᠤᠢ ᠯᠢᠨ ᠬᠤᠲᠠ ᠵᠢᠴᠢ ᠬᠠᠶᠢᠨᠠᠨ ᠮᠤᠵᠢ ᠶᠢᠨ ᠬᠠᠶᠢᠺᠸᠦ ᠬᠤᠲᠠ᠂ ᠰᠠᠨᠶᠠ ᠬᠤᠲᠠ᠂ ᠳ᠋ᠠᠨᠵᠧᠦ ᠬᠤᠲᠠ ᠵᠡᠷᠭᠡ 4 ᠮᠤᠵᠢ ᠶᠢᠨ 9 ᠭᠠᠵᠠᠷ ᠣᠷᠣᠨ ᠲᠠᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠠᠮᠲᠤᠷᠠᠯᠴᠠᠭᠠᠨ ᠤ ᠬᠡᠯᠡᠯᠴᠡᠭᠡᠷ ᠢ ᠲᠣᠭᠲᠠᠵᠤ᠂ ︽︿ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ﹀᠎ ᠪᠠᠷ ᠭᠤᠤᠯ ᠪᠣᠯᠭᠠᠬᠤ᠂ ᠪᠤᠳᠠᠳᠦ ᠴᠤᠭᠴᠠ ᠳᠤ ᠬᠠᠪᠰᠤᠷᠤᠨ ᠡᠷᠭᠢᠯᠡᠬᠦ ᠪᠠᠷ ᠬᠠᠪᠰᠤᠷᠤᠮᠵᠢ ᠪᠣᠯᠭᠠᠬᠤ︾ ᠨᠢᠭᠡ ᠴᠣᠭᠴᠠᠵᠢᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ︽ᠭᠥᠯᠢᠶᠡᠨ ᠠᠪᠬᠤ ᠶᠢ ᠰᠠᠯᠭᠠᠬᠤ︾᠂ ᠣᠨᠳᠣᠤ ᠭᠠᠵᠠᠷ ᠲᠤ ᠬᠠᠪᠰᠤᠷᠤᠨ ᠭᠦᠢᠴᠡᠳᠭᠡᠬᠦ ᠪᠤᠶᠤ ᠣᠨᠳᠣᠤ ᠭᠠᠵᠠᠷ ᠲᠤ ᠣᠷᠣᠯᠠᠨ ᠭᠥᠯᠢᠶᠡᠨ ᠠᠪᠬᠤ ᠠᠷᠭ᠎ᠠ ᠮᠠᠶ᠋ᠢᠭ ᠢ ᠠᠪᠴᠤ᠂ ᠭᠤᠶᠤᠴᠢᠯᠠᠭᠴᠢ ᠶᠢ ᠣᠨᠳᠣᠤ ᠭᠠᠵᠠᠷ ᠲᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠭᠤᠶᠤᠴᠢᠯᠠᠯ ᠢ ᠪᠡᠶᠡᠯᠡᠭᠦᠯᠪᠡ᠃  ᠣᠳᠣᠬᠠᠨ ᠳᠤ᠂ ᠣᠷᠳᠣᠰ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ ᠤᠨ ᠬᠡᠷᠡᠭ ᠡᠷᠭᠢᠯᠡᠬᠦ ᠲᠢᠩᠬᠢᠮ ᠳᠤ ᠴᠥᠮ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠰᠬᠠᠶ ᠴᠣᠩᠬᠤ ᠭᠠᠷᠭᠠᠵᠤ᠂ ᠲᠤᠰᠬᠠᠶ ᠬᠥᠮᠦᠨ ᠢᠶᠠᠷ ︽ᠨᠢᠭᠡᠳ ᠨᠢᠭᠡ ᠪᠠᠷ︾᠎ ᠢᠶᠠᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠵᠦᠢᠯᠡᠰ ᠢ ᠳᠡᠩᠰᠡᠯᠡᠨ ᠲᠡᠮᠳᠡᠭᠯᠡᠬᠦ ᠦᠢᠯᠡᠴᠢᠯᠡᠭᠡ ᠬᠠᠩᠭᠠᠵᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠢ ᠰᠢᠯᠵᠢᠭᠦᠯᠬᠦ ᠳᠡᠩᠰᠡᠯᠡᠯᠲᠡ᠂ ᠬᠤᠪᠢ ᠬᠥᠮᠦᠨ ᠤ ᠬᠤᠭᠤᠷᠣᠨᠳᠣᠬᠢ ᠦᠯᠡᠳᠡᠭᠡᠯ ᠬᠡᠷ ᠪᠠᠶᠢᠰᠢᠩ ᠤᠨ ᠰᠢᠯᠵᠢᠯᠲᠡ ᠶᠢᠨ ᠪᠤᠰᠤ ᠳᠡᠩᠰᠡᠯᠡᠯᠲᠡ᠂ ᠬᠤᠪᠢ ᠬᠥᠮᠦᠨ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠦᠯᠡᠳᠡᠭᠡᠯ ᠬᠡᠷ ᠪᠠᠶᠢᠰᠢᠩ ᠤᠨ ᠰᠢᠯᠵᠢᠯᠲᠡ ᠶᠢᠨ ᠳᠡᠩᠰᠡᠯᠡᠯᠲᠡ᠂ ᠬᠡᠷ ᠪᠠᠶᠢᠰᠢᠩ ᠪᠡᠯᠡᠭᠯᠡᠨ ᠬᠦᠷᠭᠡᠬᠦ᠂ ᠡᠷ᠎ᠡ ᠡᠮ᠎ᠡ ᠶᠢᠨ ᠬᠤᠭᠤᠷᠣᠨᠳᠣᠬᠢ ᠬᠡᠷ ᠪᠠᠶᠢᠰᠢᠩ ᠢ ᠰᠢᠯᠵᠢᠭᠦᠯᠬᠦ ᠳᠡᠩᠰᠡᠯᠡᠯᠲᠡ᠂ ᠠᠯᠪᠠᠨ ᠭᠡᠷᠡᠴᠢᠯᠡᠭᠡ ᠪᠠᠷ ᠳᠠᠮᠵᠢᠭᠤᠯᠤᠨ ᠵᠠᠯᠭᠠᠮᠵᠢᠯᠠᠬᠤ ᠶᠢᠨ ᠰᠢᠯᠵᠢᠯᠲᠡ ᠶᠢᠨ ᠳᠡᠩᠰᠡᠯᠡᠯᠲᠡ᠂ ᠪᠠᠷᠢᠴᠠᠭᠠᠨ ᠤ ᠡᠷᠬᠡ ᠪᠠᠨ ᠬᠤᠪᠢᠷᠠᠭᠤᠯᠬᠤ ᠳᠡᠩᠰᠡᠯᠡᠯᠲᠡ᠂ ᠪᠠᠷᠢᠴᠠᠭᠠᠨ ᠤ ᠡᠷᠬᠡ ᠪᠠᠨ ᠬᠦᠴᠦᠨ ᠥᠬᠡᠶ ᠪᠣᠯᠭᠠᠬᠤ ᠳᠡᠩᠰᠡᠯᠡᠯᠲᠡ᠂ ᠤᠷᠢᠳᠴᠢᠯᠠᠨ ᠬᠤᠳᠠᠯᠳᠤᠨ ᠠᠪᠬᠤ ᠲᠠᠸᠠᠷ ᠤᠨ ᠬᠡᠷ ᠪᠠᠶᠢᠰᠢᠩ ᠤᠨ ᠤᠷᠢᠳᠴᠢᠯᠠᠨ ᠮᠡᠳᠡᠭᠳᠡᠬᠦ ᠳᠡᠩᠰᠡᠯᠡᠯᠲᠡ᠂ ᠦᠨᠡᠮᠯᠡᠯ ᠨᠥᠬᠦᠬᠦ ᠳᠡᠩᠰᠡᠯᠡᠯᠲᠡ᠂ ᠦᠨᠡᠮᠯᠡᠯ ᠰᠣᠯᠢᠬᠤ ᠳᠡᠩᠰᠡᠯᠡᠯᠲᠡ᠂ ᠬᠤᠪᠢ ᠬᠥᠮᠦᠨ ᠤ ᠪᠡᠶ᠎ᠡ ᠶᠢᠨ ᠮᠡᠳᠡᠭᠡ ᠵᠠᠩᠭᠢ ᠶᠢ ᠬᠤᠪᠢᠷᠠᠭᠤᠯᠬᠤ ᠳᠡᠩᠰᠡᠯᠡᠯᠲᠡ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠲᠠᠪᠤᠨ ᠶᠡᠭᠡ ᠲᠥᠷᠥᠯ ᠤᠨ 16 ᠵᠦᠢᠯ ᠤᠨ ᠥᠨᠳᠥᠷ ᠳᠠᠪᠲᠠᠮᠵᠢᠲᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠭᠤᠶᠤᠴᠢᠯᠠᠭᠴᠢ ᠨᠢ ᠰᠦᠯᠵᠢᠶᠡᠨ ᠳᠡᠭᠡᠷ᠎ᠡ ᠬᠠᠷᠢᠶ᠎ᠠ ᠭᠠᠵᠠᠷ ᠲᠤ ᠬᠠᠮᠢᠶ᠎ᠠ ᠪᠥᠬᠦᠶ ᠭᠠᠶᠢᠯᠢ ᠰᠦᠢᠳᠭᠡᠯ ᠲᠤᠰᠢᠶᠠᠵᠤ᠂ ᠡᠯᠧᠺᠲᠷᠣᠨ ᠭᠡᠷᠡᠴᠢ ᠦᠨᠡᠮᠯᠡᠯ ᠢᠶᠠᠨ ᠠᠪᠴᠤ ᠪᠣᠯᠤᠨ᠎ᠠ᠂ ᠴᠠᠭᠠᠰᠤᠨ ᠦᠨᠡᠮᠯᠡᠯ ᠢ ᠢᠯᠡᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠬᠦᠷᠭᠡᠵᠦ ᠪᠣᠯᠤᠨ᠎ᠠ᠃  ︽ᠨᠠᠭᠠᠰᠢ ᠴᠠᠭᠠᠰᠢ ᠶᠠᠪᠤᠬᠤ ᠮᠢᠩᠭᠠᠨ ᠭᠠᠵᠠᠷ ᠤᠨ ᠵᠠᠮ︾᠎ ᠠᠴᠠ ︽ᠰᠦᠯᠵᠢᠶᠡᠨ ᠳᠡᠭᠡᠷ᠎ᠡ ᠠᠷᠪᠠᠨ ᠮᠢᠨᠦ᠋ᠲ︾ ᠬᠦᠷᠲᠡᠯ᠎ᠡ᠂ ︽ᠣᠨᠳᠣᠤ ᠭᠠᠵᠠᠷ ᠲᠤ ᠬᠦᠢᠴᠡᠳᠭᠡᠬᠦ︾᠎ ᠠᠴᠠ ︽ᠲᠤᠬᠠᠶ ᠶᠢᠨ ᠭᠠᠵᠠᠷ ᠲᠤᠨᠢ ᠬᠦᠢᠴᠡᠳᠭᠡᠬᠦ︾ ᠪᠣᠯᠳᠠᠯ᠎ᠠ᠂ ᠣᠷᠳᠣᠰ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠭᠡᠬᠦ︾᠂ ︽ᠣᠯᠠᠨ ᠭᠠᠵᠠᠷ ᠬᠠᠮᠲᠤᠷᠠᠨ ᠬᠦᠢᠴᠡᠳᠭᠡᠬᠦ︾᠎ ᠶᠢ ᠶᠡᠭᠡ ᠪᠠᠷ ᠳᠥᠯᠭᠢᠨ ᠠᠬᠢᠭᠤᠯᠵᠤ᠂ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾ ᠣᠷᠣᠨ ᠪᠦᠰᠡ ᠶᠢᠨ ᠬᠦᠷᠢᠶ᠎ᠡ ᠬᠡᠪᠴᠢᠶ᠎ᠡ᠂ ᠵᠦᠢᠯᠡᠰ ᠤᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠨᠠᠩ ᠣᠯᠠᠨ ᠠᠵᠢᠯ ᠶᠠᠪᠤᠳᠠᠯ ᠬᠦᠢᠴᠡᠳᠭᠡᠬᠦ ᠵᠦᠢᠯᠡᠰ ᠢ ︽ᠣᠶᠢᠷ᠎ᠠ ᠬᠠᠪᠢ ᠳᠠᠭᠠᠨ ᠬᠦᠢᠴᠡᠳᠭᠡᠬᠦ︾᠂ ︽ᠣᠨᠳᠣᠤ ᠭᠠᠵᠠᠷ ᠲᠤ ᠬᠦᠢᠴᠡᠳᠭᠡᠬᠦ ᠳᠤ ᠠᠮᠠᠷ︾᠂ ︽ᠣᠯᠠᠨ ᠭᠠᠵᠠᠷ ᠲᠤ ᠬᠦᠢᠴᠡᠳᠭᠡᠬᠦ︾᠎ ᠶᠢ ᠪᠡᠶᠡᠯᠡᠭᠦᠯᠵᠦ᠂ ᠠᠵᠢᠯ ᠶᠠᠪᠤᠳᠠᠯ ᠬᠦᠢᠴᠡᠳᠭᠡᠬᠦ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠢᠵᠠᠭᠠᠷᠯᠠᠯ ᠢ ᠡᠪᠳᠡᠵᠦ᠂ ᠣᠯᠠᠨ ᠲᠦᠮᠡᠨ ᠤ ᠣᠨᠳᠣᠤ ᠭᠠᠵᠠᠷ ᠤᠨ ᠠᠵᠢᠯ ᠠᠮᠢᠳᠤᠷᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠪᠡ᠃ 
ᠢᠷᠡᠯᠲᠡ᠄ ᠤᠷᠳᠤᠰ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ