ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/11/6
  ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠭᠦᠢᠴᠡᠳᠬᠡᠬᠦ ᠳᠤ ᠬᠦᠴᠢᠷᠲᠡᠶ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠠᠳᠠᠯᠢ ᠪᠤᠰᠤ ᠲᠥᠷᠥᠯ ᠵᠦᠢᠯ ᠳᠤ ᠴᠢᠭᠯᠡᠭᠦᠯᠦᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠨᠡᠮᠯᠡᠯ ᠠᠪᠬᠤ ᠳᠤ ᠬᠦᠴᠢᠷᠲᠡᠶ ᠴᠡᠭᠴᠡᠯᠡᠨ ᠵᠠᠰᠠᠬᠤ ᠠᠵᠢᠯ ᠳᠤ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠣᠲᠣ ᠪᠣᠯᠲᠠᠯ᠎ᠠ᠂ ᠪᠥᠬᠦ ᠠᠶᠢᠮᠠᠭ ᠤᠨ 31 ᠲᠥᠷᠥᠯ ᠵᠦᠢᠯ ᠤᠨ 6276 ᠬᠡᠷ ᠪᠠᠶᠢᠰᠢᠩ ᠤᠨ ᠠᠩᠬ᠎ᠠ ᠤᠳᠠᠭᠠᠨ ᠤ ᠳᠡᠩᠰᠡᠯᠡᠯᠲᠡ ᠶᠢ ᠨᠢᠭᠡᠨᠲᠡ ᠪᠦᠬᠦᠨ ᠢ ᠪᠡᠶᠡᠯᠡᠭᠦᠯᠵᠦ᠂ 28 ᠲᠥᠷᠥᠯ ᠵᠦᠢᠯ ᠤᠨ 6032 ᠢᠵᠢ ᠪᠣᠶ ᠪᠥᠬᠦᠶ ᠠᠰᠠᠭᠤᠳᠠᠯ ᠤᠨ ᠵᠠᠩᠭᠢᠯᠠᠭ᠎ᠠ ᠶᠢ ᠨᠡᠪᠲᠡᠷᠡᠭᠦᠯᠵᠦ᠂ ᠡᠷᠦᠬᠡ ᠬᠤᠪᠢᠶᠠᠨ ᠳᠠᠩᠰᠠᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠲᠥᠷᠥᠯ ᠵᠦᠢᠯ ᠤᠨ ᠪᠡᠶᠡᠯᠡᠭᠦᠯᠦᠭᠰᠡᠨ ᠨᠣᠷᠮ᠎ᠠ ᠨᠢ 90.32%᠎ ᠲᠤ ᠬᠦᠷᠴᠡᠶ᠃  ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠠᠶᠢᠮᠠᠭ ᠤᠨ ᠵᠠᠬᠢᠷᠭ᠎ᠠ ᠳᠤ ᠳᠡᠪᠰᠢᠭᠦᠯᠦᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠪᠠ᠃ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠪᠣᠳᠠᠲᠠᠶ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠭᠲᠠᠭᠠᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠮᠵᠢᠯᠴᠠᠬᠤ᠂ ᠬᠠᠮᠲᠤᠪᠠᠷ ᠠᠬᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠂ ︽ᠨᠢᠭᠡ ᠠᠰᠠᠭᠤᠳᠠᠯ ᠳᠤ ᠨᠢᠭᠡ ᠵᠥᠪᠯᠡᠬᠦ ᠵᠦᠢᠯ︾᠎ ᠤᠨ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠣᠶ ᠪᠣᠯᠭᠠᠬᠤ ᠶᠢ ᠠᠬᠢᠭᠤᠯᠪᠠ᠃  ᠠᠮᠢᠳᠤᠯᠢᠭ ᠢᠶᠠᠷ ᠰᠢᠨ᠎ᠡ ᠶᠢ ᠡᠭᠦᠳᠴᠦ᠂ ᠪᠣᠳᠠᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠶᠠᠪᠤᠴᠠ ᠳᠤ᠂ ᠢᠮᠠᠭᠲᠠ ᠦᠨᠡᠨ ᠠᠴᠠ ᠵᠥᠪ ᠢ ᠡᠷᠢᠬᠦ᠂ ᠲᠡᠦᠬᠡ ᠶᠢ ᠬᠦᠨᠳᠦᠳᠬᠡᠬᠦ ᠵᠠᠷᠴᠢᠮ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠤᠷᠢᠳ ᠢᠶᠠᠷ ᠪᠣᠳᠣᠯᠬᠢᠯᠠᠵᠤ᠂ ︽ᠦᠨᠡᠮᠯᠡᠯ ᠲᠤᠰᠢᠶᠠᠬᠤ ᠶᠢ ᠰᠠᠯᠭᠠᠬᠤ︾ ᠪᠠ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠵᠡᠷᠭᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ᠂ ︽ᠵᠠᠬᠢᠳᠠᠯ ᠢᠶᠠᠷ ᠦᠨᠡᠮᠯᠡᠯ ᠢ ᠣᠷᠣᠯᠠᠭᠤᠯᠬᠤ︾᠂ ︽ᠳᠤᠲᠠᠭᠤ ᠶᠢ ᠪᠠᠭᠲᠠᠭᠠᠵᠤ ᠬᠦᠯᠢᠶᠡᠨ ᠠᠪᠴᠤ ᠰᠢᠢᠳᠪᠦᠷᠢᠯᠡᠬᠦ︾ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠠᠮᠢᠳᠤᠯᠢᠭ ᠢᠶᠠᠷ ᠠᠪᠴᠤ᠂ ᠦᠨᠡᠮᠯᠡᠯ ᠭᠦᠢᠴᠡᠳᠬᠡᠬᠦ ᠶᠠᠪᠤᠴᠠ ᠳᠠᠬᠢ ᠤᠯᠠᠨ ᠲᠦᠭᠵᠢᠷᠡᠯ ᠤᠨ ᠴᠡᠭ ᠢ ᠰᠢᠪᠲᠤᠯᠵᠤ᠂ ᠤᠯᠠᠨ ᠲᠦᠮᠡᠨ ᠤ ᠲᠤᠰᠬᠠᠭᠰᠠᠨ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠠᠯᠠᠱᠠ ᠶᠢᠨ ᠬᠠᠮ ᠵᠠᠭᠤᠴᠢᠯᠠᠭᠤᠷ ᠤᠨ ᠲᠥᠪ ᠤᠨ ︽ᠲᠦᠸᠧ ᠷᠦᠩ ᠷᠦᠩ︾ ᠲᠠᠪᠴᠠᠩ ᠵᠡᠷᠭᠡ ᠭᠤᠤᠯ ᠵᠠᠭᠤᠴᠢᠯᠠᠭᠤᠷ ᠢᠶᠠᠷ ᠳᠠᠮᠵᠢᠭᠤᠯᠤᠨ ︽ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠭᠦᠢᠴᠡᠳᠭᠡᠬᠦ ᠳᠤ ᠬᠦᠴᠢᠷᠲᠡᠶ ᠠᠰᠠᠭᠤᠳᠠᠯ ᠤᠨ ᠲᠥᠷᠥᠯ ᠵᠦᠢᠯ ᠳᠤ ᠬᠡᠷ ᠭᠠᠵᠠᠷ ᠬᠥᠷᠥᠩᠭᠡ ᠶᠢᠨ ᠥᠮᠴᠢᠯᠡᠬᠦ ᠡᠷᠬᠡ ᠶᠢᠨ ᠳᠡᠩᠰᠡᠯᠡᠯᠲᠡ︾᠎ ᠶᠢᠨ ᠠᠯᠪᠠᠨ ᠵᠠᠷ ᠨᠡᠶᠢᠲᠡᠯᠡᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠥᠷᠭᠡᠨ ᠢᠶᠠᠷ ᠤᠯᠠᠮᠵᠢᠯᠠᠨ ᠲᠠᠷᠬᠠᠭᠠᠵᠤ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠪᠠ ᠦᠨᠡᠮᠯᠡᠯ ᠭᠦᠢᠴᠡᠳᠭᠡᠬᠦ ᠢᠳᠡᠪᠬᠢᠵᠢᠯ ᠢ ᠳᠡᠭᠡᠭᠰᠢᠯᠡᠭᠦᠯᠪᠡ᠃  ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠡᠮᠯᠡᠯ ᠭᠦᠢᠴᠡᠳᠬᠡᠬᠦ ᠶᠠᠪᠤᠴᠠ ᠶᠢ ᠪᠦᠬᠦ ᠬᠦᠴᠦᠨ ᠢᠶᠠᠷ ᠢᠶᠠᠨ ᠰᠠᠭᠠᠳ ᠦᠭᠡᠢ ᠨᠡᠪᠲᠡᠷᠡᠭᠦᠯᠪᠡ᠃ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠲᠦᠮᠡᠨ ᠤ ᠦᠨᠡᠮᠯᠡᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠳᠠᠭᠠᠬᠤ ᠶᠢ ᠦᠨᠡᠨ ᠬᠦ   ᠪᠠᠲᠤᠯᠠᠨ᠎ᠠ᠃ ᠪᠥᠬᠦ ᠠᠶᠢᠮᠠᠭ ᠤᠨ ᠡᠷᠦᠬᠡ ᠬᠤᠪᠢᠶᠠᠨ ᠳᠠᠩᠰᠠᠯᠠᠭᠤᠯᠤᠭᠰᠠᠨ ᠥᠬᠡᠶ ᠬᠡᠷ ᠬᠥᠷᠥᠩᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠳᠠᠭᠠᠨ᠂ ᠬᠡᠷ ᠪᠠᠶᠢᠰᠢᠩ ᠬᠤᠳᠠᠯᠳᠤᠨ ᠠᠪᠤᠭᠴᠢ ᠲᠠᠢ ᠨᠢᠭᠡᠳ ᠨᠢᠭᠡ ᠪᠠᠷ ᠬᠠᠷᠢᠯᠴᠠᠵᠤ᠂ ᠬᠡᠷ ᠬᠥᠷᠥᠩᠭᠡ ᠶᠢᠨ ᠦᠨᠡᠮᠯᠡᠯ ᠭᠦᠢᠴᠡᠳᠭᠡᠭᠰᠡᠨ ᠥᠬᠡᠶ ᠪᠣᠳᠠᠲᠠᠶ ᠰᠢᠯᠲᠠᠭᠠᠨ ᠢ ᠤᠶᠢᠯᠠᠭᠠᠨ᠂ ᠣᠯᠠᠨ ᠲᠦᠮᠡᠨ ᠤ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠪᠡ᠃ 
ᠢᠷᠡᠯᠲᠡ᠄ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ