ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢ ᠢᠮᠠᠭᠲᠠ ᠪᠠᠷᠢᠮᠲᠠᠯᠠᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠵᠢᠴᠢ ᠠᠮᠢ | ᠠᠬᠤᠢ ᠶᠢ ᠵᠠᠰᠠᠨ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ︽ᠨᠠᠷᠢᠯᠢᠭ᠂ ᠴᠢᠩᠭ᠎ᠠ᠂ ᠪᠣᠳᠠᠲᠠᠢ︾ ᠭᠤᠷᠪᠠᠨ ᠥᠰᠥᠭ ᠤᠨ | ᠰᠤᠳᠤᠷ ᠢ ᠰᠠᠶᠢᠲᠤᠷ ᠤᠩᠰᠢᠵᠤ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠪᠥᠬᠦ ᠬᠤᠰᠢᠭᠤᠨ ᠤ | ᠠᠭᠤᠷᠬᠠᠢ ᠶᠢᠨ ᠦᠢᠯᠡᠰ ᠤᠨ ᠠᠵᠤ ᠠᠬᠤᠢ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃ | ︽ᠨᠠᠷᠢᠯᠢᠭ︾ ᠪᠠᠶᠢᠬᠤ ᠶᠢ ᠪᠠᠷᠢᠮᠲᠠᠯᠠᠵᠤ᠂ ᠴᠢᠩᠭ᠎ᠠ ᠨᠠᠶᠢᠳᠠᠪᠤᠷᠢᠵᠢᠭᠤᠯᠪᠠ᠃ ᠪᠠᠭᠠᠷᠢᠨ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠭᠤᠷᠬᠠᠢ ᠶᠢᠨ | ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠶᠢ ᠠᠬᠢᠭᠤᠯᠵᠤ᠂ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠰᠢᠨ᠎ᠡ ᠱᠠᠲᠤᠨ ᠳᠤ ᠰᠠᠭᠤᠷᠢᠯᠠᠨ᠂ ᠰᠢᠨ᠎ᠡ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ | ︽ᠴᠢᠩᠭ᠎ᠠ︾ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠤᠲᠠᠲᠠᠶᠢᠵᠢᠭᠤᠯᠪᠠ᠃ ᠪᠠᠭᠠᠷᠢᠨ ᠪᠠᠷᠠᠭᠤᠨ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠭᠤᠷᠬᠠᠢ ᠶᠢᠨ ᠠᠵᠤ ᠠᠬᠤᠶᠢᠯᠠᠯ ᠢ ︽ᠬᠡᠨ ᠨᠡᠭᠡᠭᠡᠨ ᠮᠠᠯᠲᠠᠪᠠᠯ᠂ ᠬᠡᠨ ᠵᠠᠰᠠᠬᠤ᠂ ᠨᠡᠭᠡᠭᠡᠨ ᠮᠠᠯᠲᠠᠬᠤ ᠶᠢᠨ ᠳᠠᠭᠠᠤ | ᠵᠠᠰᠠᠬᠤ︾ ᠵᠠᠷᠴᠢᠮ ᠢ ᠵᠢᠷᠤᠮᠯᠠᠨ᠂ ᠵᠥᠪᠰᠢᠶᠡᠷᠡᠭᠰᠡᠨ ᠨᠡᠭᠡᠭᠡᠨ ᠠᠰᠢᠭᠯᠠᠬᠤ ᠲᠥᠰᠥᠯ ᠪᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠲᠥᠰᠥᠯ ᠶᠣᠰᠣᠭᠠᠷ᠂ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠡᠬᠢ ᠪᠠᠶᠠᠯᠢᠭ ᠢ ᠬᠠᠮᠠᠭᠠᠯᠠᠨ᠂ ︽ᠠᠮᠤᠷ ᠲᠦᠪᠰᠢᠨ᠂ ᠣᠷᠴᠢᠨ ᠲᠣᠭᠤᠷᠢᠨ ᠢ | ᠬᠠᠮᠠᠭᠠᠯᠠᠬᠤ᠂ ᠪᠣᠬᠢᠷᠲᠤᠯ ᠦᠭᠡᠢ︾ ᠨᠡᠭᠡᠭᠡᠨ ᠮᠠᠯᠲᠠᠬᠤ ᠶᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠲᠥᠯᠥᠭᠡ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠬᠠᠶᠢᠬᠤᠷᠬᠤ ᠦᠭᠡᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠭᠡ ᠠᠵᠤ ᠠᠬᠤᠢ ᠶᠢᠨ ᠬᠥᠭᠵᠢᠯᠲᠡ ᠶᠢᠨ ᠬᠦᠴᠦᠨ | ᠵᠦᠢᠯ ᠢ ᠪᠣᠳᠣᠯᠬᠢᠯᠠᠬᠤ ᠦᠭᠡᠢ ᠪᠠᠷ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠴᠢᠮ ᠢᠶᠠᠨ ᠴᠢᠩᠭᠠᠷᠠᠭᠤᠯᠬᠤ ᠦᠵᠡᠯᠲᠡ ᠶᠢ ᠲᠠᠶᠠᠭᠳᠠᠬᠤ ᠬᠡᠷᠡᠭᠲᠡᠢ ᠭᠡᠵᠦ ᠴᠢᠩᠭ᠎ᠠ | ᠱᠠᠭᠠᠷᠳᠠᠪᠠ᠃ | ︽ᠪᠣᠳᠠᠲᠠᠶᠢᠵᠢᠭᠤᠯᠬᠤ︾ ᠪᠠᠷ ᠦᠨᠳᠦᠰᠦᠨ ᠵᠦᠢᠯ ᠢ ᠪᠠᠲᠤᠯᠠᠵᠤ᠂ ᠵᠠᠰᠠᠯᠲᠠ ᠨᠢ ᠪᠦᠲᠦᠮᠵᠢᠲᠡᠶ ᠪᠠᠶᠢᠬᠤ ᠶᠢ ᠪᠠᠷᠢᠮᠳᠠᠯᠠᠪᠠ᠃ 2015 ᠣᠨ ᠠᠴᠠ ᠨᠠᠭᠠᠰᠢ | ᠨᠡᠶᠢᠲᠡ 41 ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠢ ᠪᠡᠶᠡᠯᠡᠭᠦᠯᠵᠦ᠂ ᠵᠠᠰᠠᠭᠰᠠᠨ ᠲᠠᠯᠠᠪᠠᠶ ᠨᠢ 2.461842 ᠲᠡᠭᠰᠢ ᠳᠥᠷᠪᠡᠯᠵᠢᠨ | ᠺᠢᠯᠣᠮᠧᠲᠷ ᠲᠤ ᠬᠦᠷᠴᠠᠢ︔ 2020 ᠣᠨ ᠠᠴᠠ ᠨᠠᠭᠠᠰᠢ ᠲᠡᠦᠬᠡᠨ ᠠᠴᠠ ᠦᠯᠡᠳᠡᠭᠳᠡᠵᠦ ᠢᠷᠡᠭᠰᠡᠨ ᠨᠡᠶᠢᠲᠡ 95 ᠠᠭᠤᠷᠬᠠᠢ ᠶᠢ ᠵᠠᠰᠠᠵᠤ᠂ 3.273 ᠲᠡᠭᠰᠢ | ᠳᠥᠷᠪᠡᠯᠵᠢᠨ ᠺᠢᠯᠣᠮᠧᠲᠷ ᠲᠠᠯᠠᠪᠠᠶ ᠶᠢ ᠵᠠᠰᠠᠪᠠ᠃ ᠪᠠᠭᠠᠷᠢᠨ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠬᠢᠷᠲᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠢ ᠠᠭᠤᠷᠬᠠᠢ ᠶᠢᠨ ᠡᠬᠢ ᠪᠠᠶᠠᠯᠢᠭ ᠢ ᠲᠥᠯᠥᠪᠵᠢᠭᠦᠯᠬᠦ᠂ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠪᠥᠬᠦ | ᠶᠠᠪᠤᠴᠠ ᠳᠤ ᠲᠤᠭᠤᠰᠢᠯᠠᠭᠤᠯᠵᠤ᠂ ᠠᠵᠤ ᠠᠬᠤᠶᠢᠯᠠᠯ ᠢ ᠵᠣᠬᠢᠴᠠᠭᠤᠯᠤᠨ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠢᠳᠡᠪᠬᠢᠲᠡᠢ ᠠᠬᠢᠭᠤᠯᠪᠠ᠃ | | |