ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠡᠮᠵᠢᠨ ᠵᠢᠷᠤᠬᠤ ᠬᠦᠷᠢᠶᠡᠨ ᠳᠠᠬᠢ ᠵᠠᠰᠠᠭ ᠵᠠᠬᠢᠷᠭᠠᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ | ︽︿ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠦᠢᠯᠡᠴᠢᠯᠡᠭᠡᠨ ᠤ ᠶᠠᠰᠤ | ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠠᠷᠭ᠎ᠠ ᠬᠡᠮᠵᠢᠶ᠎ᠡ ᠨᠦᠭᠦᠳ﹀ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠶᠢᠨ ᠡᠬᠢ | ᠪᠠᠶᠠᠯᠢᠭ ᠲᠠᠷᠬᠠᠭᠠᠭᠰᠠᠨ ﹇2024﹈ 41 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠡᠰᠡᠭ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠢ ᠨᠠᠶᠢᠳᠠᠨ ᠬᠡᠷᠡᠭᠵᠢᠭᠦᠯᠬᠦ ᠲᠤᠬᠠᠶ ᠳᠣᠤᠷᠠᠬᠢ ᠮᠡᠲᠦ ᠵᠠᠷᠯᠠᠶ᠎ᠠ᠄ | ᠨᠢᠭᠡ᠂ ᠨᠠᠶᠢᠳᠠᠬᠤ ᠠᠭᠤᠯᠭ᠎ᠠ | 2024 ᠣᠨ ᠤ 12 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ᠂ ᠡᠬᠡ ᠭᠠᠵᠠᠷ ᠤᠨ ᠬᠡᠮᠵᠢᠯᠲᠡ᠂ ᠬᠡᠮᠵᠢᠨ ᠵᠢᠷᠤᠬᠤ ᠠᠭᠠᠷ ᠠᠶᠠᠯᠠᠯ ᠤᠨ | ᠬᠡᠷᠡᠯ ᠵᠢᠷᠤᠭ᠂ ᠬᠡᠷᠡᠯ ᠵᠢᠷᠤᠭ ᠤᠨ ᠬᠡᠮᠵᠢᠯᠲᠡ ᠬᠢᠭᠡᠳ ᠠᠯᠤᠰ ᠮᠡᠳᠡᠷᠡᠮᠵᠢ᠂ ᠢᠨᠵᠧᠨᠧᠷᠢᠩ ᠤᠨ ᠬᠡᠮᠵᠢᠯᠲᠡ᠂ ᠲᠡᠯᠡᠶ ᠲᠠᠩᠭᠢᠰ ᠤᠨ ᠬᠡᠮᠵᠢᠨ ᠵᠢᠷᠤᠬᠤ᠂ ᠵᠠᠭᠠᠭ | ᠱᠤᠭᠤᠮ ᠬᠢᠭᠡᠳ ᠥᠯᠥ ᠬᠥᠳᠡᠯᠬᠦ ᠬᠥᠷᠥᠩᠭᠡ ᠶᠢ ᠬᠡᠮᠵᠢᠨ ᠵᠢᠷᠤᠬᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠢᠨᠵᠧᠨᠧᠷᠢᠩ ᠵᠡᠷᠭᠡ 7 | ᠲᠥᠷᠥᠯ ᠤᠨ ᠬᠥᠬᠡᠭᠴᠢᠨ ᠲᠠᠰ ᠤᠨ ᠬᠡᠮᠵᠢᠨ ᠵᠢᠷᠤᠬᠤ ᠬᠢᠷᠢ ᠬᠡᠮ ᠲᠠᠢ ︵ᠡᠭᠦᠨ ᠤ ᠵᠡᠷᠭᠡ ᠳᠤ ᠬᠥᠬᠡ᠂ ᠬᠥᠬᠡᠭᠴᠢᠨ ᠲᠠᠰ ᠤᠨ ᠬᠡᠮᠵᠢᠨ ᠵᠢᠷᠤᠬᠤ ᠬᠢᠷᠢ | ᠬᠡᠮ ᠲᠠᠢ ᠪᠠᠶᠢᠪᠠᠯ᠂ ᠡᠭᠦᠨ ᠳᠤ ᠪᠠᠭᠲᠠᠬᠤ ᠥᠬᠡᠶ︶ ᠶᠢ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠪᠠᠶᠢᠴᠠᠭᠠᠬᠤ ᠠᠵᠢᠯ ᠢ ᠡᠯ᠎ᠡ ᠠᠶᠢᠮᠠᠭ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠮᠠᠨᠵᠤᠤᠷ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠷᠢᠶᠡᠨ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠭᠲᠠᠨ᠎ᠠ᠂ ᠳᠣᠷᠣᠭᠰᠢ ᠠᠳᠠᠯᠢ︶ ᠳᠤ ᠨᠠᠶᠢᠳᠠᠵᠤ ᠭᠦᠢᠴᠡᠳᠬᠡᠨ᠎ᠡ᠂ ᠪᠣᠳᠠᠲᠠᠶ ᠪᠠᠭᠲᠠᠬᠤ ᠨᠢ᠄ | ︵ᠨᠢᠭᠡ︶ ᠬᠡᠮᠵᠢᠨ ᠵᠢᠷᠤᠬᠤ ᠬᠢᠷᠢ ᠬᠡᠮ ᠤᠨ ᠰᠢᠨ᠎ᠡ ᠨᠢᠭᠡᠴᠢ ᠶᠢᠨ ᠳᠠᠩᠰᠠᠯᠠᠭᠤᠯᠬᠤ ᠭᠤᠶᠤᠴᠢᠯᠠᠯ ᠢ ᠭᠦᠢᠴᠡᠳᠭᠡᠨ᠎ᠡ᠃ | ︵ᠬᠤᠶᠠᠷ︶ ᠳᠡᠭᠡᠷ᠎ᠡ ᠳᠤᠷᠠᠳᠤᠭᠰᠠᠨ 7 ᠲᠥᠷᠥᠯ ᠤᠨ ᠬᠥᠬᠡᠭᠴᠢᠨ ᠲᠠᠰ ᠤᠨ ᠬᠡᠮᠵᠢᠨ ᠵᠢᠷᠤᠬᠤ ᠬᠢᠷᠢ ᠬᠡᠮ ᠢ ᠭᠤᠶᠤᠴᠢᠯᠠᠬᠤ᠂ ᠲᠤᠰᠬᠠᠶ ᠮᠡᠷᠭᠡᠵᠢᠯ ᠤᠨ | ᠲᠥᠷᠥᠯ ᠢ ᠬᠤᠪᠢᠷᠠᠭᠤᠯᠬᠤ᠂ ᠦᠨᠳᠦᠰᠦᠨ ᠮᠡᠳᠡᠭᠡ ᠵᠠᠩᠭᠢ ᠶᠢ ᠬᠤᠪᠢᠷᠠᠭᠤᠯᠬᠤ᠂ ᠳᠠᠬᠢᠨ ᠬᠢᠨᠠᠵᠤ ᠦᠨᠡᠮᠯᠡᠯ ᠰᠣᠯᠢᠬᠤ᠂ ᠦᠨᠡᠮᠯᠡᠯ ᠨᠥᠬᠦᠨ ᠠᠪᠬᠤ᠂ ᠬᠢᠷᠢ | ᠬᠡᠮ ᠢ ᠬᠤᠶᠢᠰᠢᠯᠠᠭᠤᠯᠬᠤ᠂ ᠬᠦᠴᠦᠨ ᠥᠬᠡᠶ ᠪᠣᠯᠭᠠᠬᠤ ᠪᠠᠷ ᠭᠤᠶᠤᠴᠢᠯᠠᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠬᠢᠨᠠᠨ ᠪᠠᠶᠢᠴᠠᠭᠠᠨ᠎ᠠ᠃ | ︵ᠭᠤᠷᠪᠠ︶ ᠳᠡᠭᠡᠷ᠎ᠡ ᠳᠤᠷᠠᠳᠤᠭᠰᠠᠨ 7 ᠲᠥᠷᠥᠯ ᠤᠨ ᠬᠥᠬᠡᠭᠴᠢᠨ ᠳᠡᠰ ᠤᠨ ᠬᠡᠮᠵᠢᠨ ᠵᠢᠷᠤᠬᠤ ᠬᠢᠷᠢ ᠭᠡᠮ ᠤᠨ ᠨᠢᠭᠡᠴᠢ ᠶᠢᠨ ᠨᠥᠬᠦᠪᠥᠷᠢᠯᠡᠬᠦ ᠪᠠ | ᠵᠠᠰᠠᠪᠤᠷᠢ ᠣᠷᠣᠭᠤᠯᠬᠤ ᠶᠢ ᠬᠢᠨᠠᠨ ᠵᠦᠪᠰᠢᠶᠡᠷᠡᠨ᠎ᠡ᠃ | ᠬᠤᠶᠠᠷ᠂ ᠪᠤᠰᠤᠳ ᠵᠦᠢᠯ | ︵ᠨᠢᠭᠡ︶ ᠭᠤᠶᠤᠴᠢᠯᠠᠭᠰᠠᠨ ᠨᠢᠭᠡᠴᠢ ᠮᠥᠨ ᠯᠡ ᠪᠥᠬᠦ ᠤᠯᠤᠰ ᠤᠨ ᠬᠡᠮᠵᠢᠨ ᠵᠢᠷᠤᠬᠤ ᠬᠢᠷᠢ ᠬᠡᠮ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ︵ᠲᠤᠷᠰᠢᠨ ᠠᠵᠢᠯᠯᠠᠭᠤᠯᠬᠤ︶ ︵https://zz.ch.mnr.gov.cn/ ︶ ᠡᠯᠧᠺᠲᠷᠣᠨ ᠪᠢᠴᠢᠭ ᠬᠠᠷ᠎ᠠ ᠶᠢᠨ ᠮᠠᠲ᠋ᠧᠷᠢᠶᠠᠯ ᠢ ᠳᠡᠭᠡᠭᠰᠢ | ᠳᠠᠮᠵᠢᠭᠤᠯᠵᠤ᠂ ᠵᠣᠬᠢᠴᠠᠩᠭᠤᠶ ᠭᠤᠶᠤᠴᠢᠯᠠᠯ ᠲᠤᠰᠢᠶᠠᠨ᠎ᠠ᠃ | ︵ᠬᠤᠶᠠᠷ︶ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠳᠡᠭᠡᠷᠡᠬᠢ ᠬᠢᠨᠠᠨ ᠵᠥᠪᠰᠢᠶᠡᠷᠡᠯ ᠢ ᠬᠦᠯᠢᠶᠡᠨ ᠠᠪᠬᠤ | ᠠᠵᠢᠯ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠵᠣᠬᠢᠴᠠᠩᠭᠤᠶ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠢ ᠲᠠᠨᠢᠵᠤ ᠠᠪᠴᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠨᠠᠶᠢᠳᠠᠭᠰᠠᠨ ᠵᠦᠢᠯᠡᠰ ᠤᠨ ᠲᠠᠶᠢᠯᠪᠤᠷᠢᠯᠠᠬᠤ᠂ | ᠠᠰᠠᠭᠤᠨ ᠯᠠᠪᠯᠠᠬᠤ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ᠃ | ︵ᠭᠤᠷᠪᠠ︶ 2024 ᠣᠨ ᠤ 12 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ᠂ ᠪᠥᠬᠦ ᠣᠷᠣᠨ ᠳᠤ ᠬᠡᠮᠵᠢᠨ ᠵᠢᠷᠤᠬᠤ ᠴᠢᠳᠠᠮᠵᠢ ᠶᠢᠨ | ᠡᠯᠧᠺᠲᠷᠣᠨ ᠦᠨᠡᠮᠯᠡᠯ ᠢ ᠡᠬᠢᠯᠡᠨ ᠬᠡᠷᠡᠭᠯᠡᠵᠦ᠂ ᠴᠠᠭᠠᠰᠤᠨ ᠤ ᠦᠨᠡᠮᠯᠡᠯ ᠢ ᠳᠠᠭᠢᠵᠤ ᠣᠯᠭᠤᠬᠤ ᠥᠬᠡᠶ᠂ ᠡᠯᠧᠺᠲᠷᠣᠨ ᠦᠨᠡᠮᠯᠡᠯ ᠪᠠ ᠴᠠᠭᠠᠰᠤᠨ ᠦᠨᠡᠮᠯᠡᠯ ᠨᠢ | ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠃ ᠬᠡᠮᠵᠢᠨ ᠵᠢᠷᠤᠬᠤ ᠬᠢᠷᠢ ᠴᠢᠳᠠᠮᠵᠢ ᠲᠠᠢ ᠨᠢᠭᠡᠴᠢ ᠨᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢᠶᠠᠨ | ᠭᠦᠢᠴᠡᠳᠭᠡᠭᠰᠡᠨ ᠤ ᠳᠠᠷᠠᠭ᠎ᠠ᠂ ᠨᠢᠭᠡᠴᠢ ᠶᠢᠨ ᠬᠠᠤᠯᠢ ᠶᠢᠨ ᠡᠷᠬᠡᠲᠡᠨ ᠤ ᠲᠠᠩᠰᠠᠨ ᠨᠣᠮᠧᠷ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ︽ᠮᠥᠩᠬᠡ ᠰᠤᠪᠠᠭ︾ | APP ᠳᠤ ᠣᠷᠣᠵᠤ ᠡᠯᠧᠺᠲᠷᠣᠨ ᠦᠨᠡᠮᠯᠡᠯ ᠢ ᠪᠠᠭᠤᠯᠭᠠᠨ ᠠᠪᠴᠤ ᠪᠣᠯᠤᠨ᠎ᠠ᠃ | ︵ᠲᠦᠷᠪᠡ︶ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠶᠠᠪᠤᠴᠠ ᠳᠤ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠠᠵᠢᠯ ᠤᠨ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠠᠶᠢᠳᠠᠯᠭ᠎ᠠ ᠶᠢ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ | ᠬᠡᠷᠡᠭᠵᠢᠭᠦᠯᠬᠦ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠵᠢᠴᠢ ᠦᠨᠡᠯᠡᠨ ᠵᠢᠱᠢᠯᠲᠡ ᠬᠢᠬᠦ ᠶᠢᠨ ᠬᠠᠮᠲᠤ᠂ ᠴᠠᠭ ᠲᠤᠨᠢ | ᠲᠣᠬᠢᠷᠠᠭᠤᠯᠤᠨ ᠨᠠᠶᠢᠳᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠮᠡᠳᠡᠯ ᠳᠤ ᠲᠣᠬᠢᠷᠠᠭᠤᠯᠤᠯᠲᠠ ᠬᠢᠵᠦ ᠪᠣᠯᠤᠨ᠎ᠠ᠃ | ᠳᠠᠭᠠᠯᠳᠤᠭᠤᠯᠤᠯ᠄ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠰᠠᠭᠤᠨ ᠯᠠᠪᠯᠠᠬᠤ ᠤᠲᠠᠰᠤ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | 2024 ᠣᠨ ᠤ 12 ᠳ᠋ᠤᠭᠠᠷ ᠰᠠᠷ᠎ᠠ ᠶᠢᠨ 24 ᠤ ᠡᠳᠦᠷ | | ᠳᠠᠭᠠᠯᠳᠤᠭᠤᠯᠤᠯ ᠢ ᠪᠠᠭᠤᠯᠭᠠᠬᠤ᠄ ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠰᠠᠭᠤᠨ ᠯᠠᠪᠯᠠᠬᠤ ᠤᠲᠠᠰᠤ . | docx | | |