ᠦᠰᠦᠭ ᠪᠢᠴᠢᠭ ᠢᠶᠠᠷ ᠦᠭᠦᠯᠡᠭᠦᠢ᠄ ︽ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/25
  ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠵᠦ ᠰᠢᠪᠲᠤᠯᠤᠯᠲᠠ ᠬᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤᠮᠳᠠ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠦᠢᠯᠡᠳᠦᠯᠭᠡᠵᠢᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ︽ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠬᠡᠪᠴᠢᠶᠡᠨ ᠳᠤ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠵᠢᠭᠦᠯᠦᠨ᠎ᠡ᠃  ᠨᠢᠭᠡ᠂ ᠠᠬᠤᠢ ᠪᠠᠶᠢᠳᠠᠯ ᠤᠨ ᠲᠠᠨᠢᠯᠴᠠᠭᠤᠯᠭ᠎ᠠ  ᠦᠪᠡᠷᠳᠡᠭᠡᠨ ᠵᠠᠰᠠᠬᠤ ᠣᠷᠣᠨ ᠠᠴᠠ 2018 ᠣᠨ ᠠᠴᠠ ᠡᠬᠢᠯᠡᠨ᠂ ᠣᠯᠥᠰ ᠤᠨ ᠤᠷᠢᠶᠠᠯᠠᠭ᠎ᠠ ᠶᠢ ᠢᠳᠡᠪᠬᠢᠳᠡᠢ ᠪᠠᠷ ᠳᠠᠭᠠᠵᠦ᠂ ᠪᠣᠬᠢᠷᠳᠦᠯ ᠦᠭᠡᠢ ᠬᠠᠶᠢᠨ ᠪᠠᠶᠢᠴᠠᠭᠠᠯᠲᠠ ᠶᠢᠨ ᠵᠢᠱᠢᠶ᠎ᠡ ᠦᠵᠡᠬᠦᠯᠬᠦ ᠳᠥᠷᠦᠯ ᠵᠦᠢᠯ ᠢ ᠦᠷᠨᠢᠬᠦᠯᠥᠨ᠎ᠠ᠃ 2020 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠳᠤ ᠪᠤᠬᠢᠷᠳᠤᠯ ᠦᠭᠡᠢ ᠬᠠᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠣᠯᠠᠨ ᠵᠢᠯ ᠤᠨ ᠲᠤᠷᠰᠢᠬᠢ ᠬᠠᠶᠢᠨ ᠰᠥᠪᠡᠭᠴᠢᠯᠡᠯᠲᠡ ᠪᠠ ᠦᠢᠯᠡᠳᠦᠯᠭᠡ ᠪᠠᠷ ᠳᠡᠮᠵᠢᠨ᠂ 2024 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠣᠷᠣᠨ ᠨᠤᠲᠤᠭ ᠤᠨ ᠪᠠᠷᠢᠮᠵᠢᠶ᠎ᠠ ︽ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠮᠡᠷᠭᠡᠵᠢᠯ ᠤᠨ ᠲᠦᠷᠢᠮ ᠲᠣᠭᠲᠠᠭᠠᠯ︾ ︵DB15/T 3393 — 2024 ︶ ᠤᠨ ᠭᠠᠵᠠᠷ ᠰᠢᠨᠵᠢᠯᠡᠭᠡᠨ ᠤ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠣᠨᠴᠠᠯᠢᠭ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠪᠥᠬᠦ ᠶᠠᠪᠤᠴᠠ ᠳᠤ ᠣᠶ ᠰᠢᠭᠤᠶ᠂ ᠨᠤᠲᠤᠭ ᠪᠡᠯᠴᠢᠭᠡᠷ ᠵᠡᠷᠭᠡ ᠠᠳᠠᠯᠢ ᠪᠤᠰᠤ ᠦᠵᠡᠮᠵᠢ ᠶᠢᠨ ᠣᠷᠣᠨ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠶᠢᠨ ᠪᠠᠶᠢᠴᠠᠭᠠᠯᠲᠠ ᠶᠢᠨ ᠠᠷᠭ᠎ᠠ᠂ ᠮᠡᠷᠭᠡᠵᠢᠯ᠂ ᠤᠷ᠎ᠠ ᠮᠡᠷᠭᠡᠰᠢᠯ ᠪᠠ ᠲᠥᠬᠦᠭᠡᠷᠦᠮᠵᠢ ᠵᠡᠷᠭᠡ ᠠᠷᠭ᠎ᠠ ᠪᠠᠷᠢᠯ ᠢ ᠲᠥᠷᠥᠯ ᠬᠤᠪᠢᠶᠠᠨ ᠬᠡᠷᠡᠭᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠠᠰᠢᠭ ᠥᠬᠡᠶ ᠨᠥᠯᠥᠭᠡ ᠶᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠬᠦ ᠶᠢᠨ ᠬᠠᠮᠲᠤ᠂ ᠬᠠᠷᠰᠢᠯᠠᠭᠳᠠᠭᠰᠠᠨ ᠣᠷᠴᠢᠨ ᠲᠣᠭᠤᠷᠢᠨ ᠢ ᠵᠠᠰᠠᠨ ᠰᠡᠷᠭᠦᠭᠡᠵᠦ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠶ᠎ᠡ ᠵᠣᠬᠢᠴᠠᠯ ᠲᠠᠢ ᠪᠠᠷ ᠬᠥᠭᠵᠢᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃  ᠬᠤᠶᠠᠷ᠂ ᠬᠠᠮᠤᠷᠬᠤ ᠬᠡᠪᠴᠢᠶ᠎ᠡ  ᠲᠣᠰ ᠤᠳᠠᠭ᠎ᠠ ᠪᠥᠬᠦ ᠣᠷᠣᠨ ᠤ ᠡᠳ᠋ ᠤᠨ ᠵᠠᠰᠠᠭ ᠠᠴᠠ ᠪᠠᠯᠠ ᠭᠠᠷᠭᠠᠭᠰᠠᠨ ᠪᠠ ᠨᠡᠶᠢᠭᠡᠮ ᠠᠴᠠ ᠪᠠᠯᠠ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠬᠠᠮᠤᠷᠤᠭᠤᠯᠵᠤ᠂ ᠡᠳ᠋ ᠤᠨ ᠵᠠᠰᠠᠭ ᠠᠴᠠ ᠪᠠᠯᠠ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠷᠥᠯ ᠵᠦᠢᠯ ᠢ ᠡᠷᠬᠡᠪᠰᠢ ᠤᠷᠢᠳᠠᠪᠠᠷ ᠬᠢᠵᠤ᠂ ᠤᠴᠢᠷ ᠶᠠᠪᠤᠳᠠᠯ ᠤᠨ ᠳᠤᠮᠳᠠ᠂ ᠤᠴᠢᠷ ᠶᠠᠪᠤᠳᠠᠯ ᠤᠨ ᠳᠠᠷᠠᠭ᠎ᠠ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ ᠪᠥᠬᠦ ᠶᠠᠪᠤᠴᠠ ᠪᠠᠷ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠨᠢᠭᠡᠴᠢ ᠶᠢ ᠥᠪᠡᠰᠦᠪᠡᠨ ᠥᠷᠨᠢᠭᠦᠯᠬᠦ ᠪᠤᠶᠤ ᠨᠠᠶᠢᠳᠠᠵᠤ ᠠᠭᠤᠷᠬᠠᠶ ᠶᠢᠨ ᠦᠢᠯᠡᠰ ᠤᠨ ᠡᠷᠬᠡ ᠶᠢᠨ ᠳᠣᠲᠣᠷᠠᠬᠢ ᠬᠠᠶᠢᠨ ᠪᠠᠶᠢᠴᠠᠭᠠᠬᠤ ᠠᠵᠢᠯ ᠢ ᠥᠷᠨᠢᠭᠦᠯᠵᠦ᠂ ᠪᠣᠬᠢᠷᠲᠤᠯ ᠦᠭᠡᠶ ᠬᠠᠶᠢᠨ ᠪᠠᠶᠢᠴᠠᠭᠠᠬᠤ ᠡᠭᠦᠷᠭᠡ ᠶᠢ ᠰᠠᠶᠢᠲᠤᠷ ᠭᠦᠢᠴᠡᠳᠬᠡᠵᠦ᠂ ᠪᠣᠬᠢᠷᠲᠤᠯ ᠦᠭᠡᠶ ᠬᠠᠶᠢᠨ ᠪᠠᠶᠢᠴᠠᠭᠠᠬᠤ ᠪᠠᠷᠢᠮᠵᠢᠶ᠎ᠠ ᠶᠣᠰᠣᠭᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃  ᠭᠤᠷᠪᠠ᠂ ᠴᠢᠬᠤᠯᠠ ᠠᠴᠢ ᠬᠤᠯᠪᠣᠭᠳᠠᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠤ ᠬᠠᠷᠢᠴᠠᠭ᠎ᠠ ᠶᠢ ᠵᠥᠪ ᠡᠵᠡᠮᠳᠡᠵᠦ᠂ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠠᠮᠢ ᠠᠬᠤᠶ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠲᠠᠢ ᠬᠠᠮᠠᠭᠠᠯᠠᠯᠲᠠ ᠪᠠ ᠠᠭᠤᠷᠬᠠᠶ ᠶᠢᠨ ᠦᠢᠯᠡᠰ ᠤᠨ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠᠲᠠᠶ ᠶᠤᠮ᠃ ︽ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠮᠡᠳᠡᠭᠳᠡᠯ︾ ᠳᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠨᠢᠭᠡᠴᠢ ᠶᠢᠨ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠲᠣᠨᠤᠭ ᠲᠥᠬᠦᠭᠡᠷᠦᠮᠵᠢ ᠶᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠬᠦ ᠶᠢ ᠵᠣᠷᠢᠭᠵᠢᠭᠤᠯᠵᠤ᠂ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠪᠣᠬᠢᠷᠳᠤᠯ ᠦᠭᠡᠢ ᠴᠢᠨᠠᠷ ᠰᠠᠶᠢᠲᠠᠢ ᠠᠷᠭ᠎ᠠ ᠪᠠᠷᠢᠯ᠂ ᠠᠷᠭ᠎ᠠ ᠪᠠᠷ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤ ᠬᠦᠴᠦᠨ ᠨᠡᠮᠡᠷᠢᠯᠡᠨ᠎ᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ