ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠢᠩᠬᠢᠮ ᠤᠨ ᠳᠠᠷᠤᠭ᠋᠎ᠠ ᠵᠣᠣ ᠳ᠋ᠠ ᠶᠦᠩ᠄ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠳᠡᠯᠭᠡᠬᠦ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/12/3
  ᠡᠨᠡ ᠵᠢᠯ ᠠᠴᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠶᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠬᠢᠴᠠ ᠶᠢ ᠴᠢᠩᠭ᠎ᠠ ᠳᠠᠭᠠᠵᠤ᠂ ᠠᠯᠤᠰ ᠬᠡᠲᠦ ᠶᠢᠨ ᠲᠥᠯᠥᠪᠵᠢᠭᠦᠯᠭᠡ ᠬᠢᠵᠦ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠶ ᠠᠬᠢᠭᠤᠯᠬᠤ ᠲᠤᠬᠠᠶ ᠠᠵᠢᠯ ᠤᠨ ᠲᠥᠰᠦᠯ︾ ᠢ ᠲᠣᠭᠲᠠᠭᠠᠵᠤ ᠳᠠᠷᠤᠮᠠᠯᠯᠠᠨ ᠲᠠᠷᠬᠠᠭᠠᠵᠤ᠂ 35 ᠵᠦᠶᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠤᠯᠭᠤᠵᠤ᠂ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠬᠡᠷᠬᠢᠨ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠣᠬᠢᠰᠲᠠᠶ ᠠᠰᠢᠭᠯᠠᠬᠤ ᠲᠦᠷᠢᠮ ᠢ ᠪᠦᠷᠢᠨᠰᠢᠬᠦᠯᠵᠦ᠂ ᠡᠯ᠎ᠡ ᠵᠦᠶᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠲᠤᠬᠠᠶ ᠣᠶᠢᠷ᠎ᠠ ᠳᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠋᠎ᠠ ᠵᠣᠣ ᠳ᠋ᠠ ᠶᠦᠩ ᠢ ᠰᠤᠷᠪᠤᠯᠵᠢᠯᠠᠪᠠ᠃  ᠥᠪᠥᠷ ᠮᠣᠩᠭᠤᠯ ᠤᠨ ᠡᠳᠦᠷ ᠤᠨ ᠰᠣᠨᠢᠨ ᠄ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢᠨ ᠲᠥᠯᠥᠪᠵᠢᠭᠦᠯᠭᠡ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠵᠠᠶ ᠶᠢᠨ ᠬᠥᠭᠵᠢᠯᠲᠡ ᠶᠢᠨ ᠵᠦᠭᠯᠡᠭᠦᠷ ᠪᠠ ᠦᠷᠭᠦᠯᠵᠢᠯᠡᠬᠦ ᠬᠥᠭᠵᠢᠯᠲᠡ ᠶᠢᠨ ᠵᠢᠷᠤᠭ ᠲᠦᠰᠦᠪ ᠪᠤᠯᠬᠤ ᠪᠦᠭᠡᠳ ᠡᠯ᠎ᠡ ᠲᠥᠷᠥᠯ ᠤᠨ ᠨᠡᠭᠡᠭᠡᠨ ᠬᠠᠮᠠᠭᠠᠯᠠᠵᠦ ᠪᠥᠲᠥᠭᠡᠨ ᠪᠠᠶᠢᠭᠤᠯᠬᠤ ᠠᠵᠢᠯᠯᠠᠭ᠎ᠠ ᠶᠢᠨ ᠦᠨᠳᠦᠰᠦᠨ ᠦᠨᠳᠦᠰᠦᠯᠡᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ  ᠤᠨ ᠲᠢᠩᠬᠢᠮ ᠤᠨ ᠬᠢᠨ ᠤᠯᠤᠰ ᠤᠨ ᠨᠤᠳᠤᠭ ᠳᠡᠪᠢᠰᠭᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠦᠷᠢᠨᠰᠢᠬᠦᠯᠬᠦ ᠲᠠᠯ᠎ᠠ ᠪᠠᠷ ᠪᠤᠳᠠᠳᠠᠢ ᠶᠠᠮᠠᠷᠰᠢᠤ ᠠᠵᠢᠯ ᠥᠷᠨᠢᠭᠦᠯᠦᠭᠰᠡᠨ ᠪᠣᠶ︖  ᠵᠣᠣ ᠳ᠋ᠠ ᠶᠦᠩ ᠄ ᠪᠢᠳᠡ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠪᠥᠬᠦ ᠤᠯᠤᠰ ᠤᠨ ᠬᠥᠭᠵᠢᠯᠲᠡ  ᠶᠢᠨ ᠶᠡᠭᠡ ᠲᠠᠯ᠎ᠠ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠳᠣᠪᠣᠶᠢᠯᠭᠠᠵᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠡᠷᠦᠩᠬᠡᠶ ᠪᠠᠶᠢᠷᠢᠰᠢᠯ ᠢ ᠪᠠᠶᠢᠭᠤᠯᠪᠠ᠃ 2023 ᠣᠨ  ᠤ 12 ᠳ᠋ᠤᠭᠠᠷ ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠳᠤᠭ ᠳᠡᠪᠢᠰᠬᠡᠷ ᠣᠷᠣᠨ ᠵᠠᠶ ᠶᠢᠨ ᠲᠥᠯᠥᠪᠵᠢᠭᠦᠯᠭᠡ ︵2021 — 2035 ᠣᠨ︶︾ ᠶᠢ ᠵᠢᠩᠬᠢᠨᠢ ᠪᠠᠷ ᠴᠤᠬᠤᠯᠠᠪᠤᠷᠢᠯᠠᠵᠦ᠂ ᠪᠥᠬᠦ ᠤᠯᠤᠰ ᠤᠨ ᠠᠷᠪᠠᠨ ᠭᠤᠷᠪᠠᠳᠤᠭᠠᠷ ᠵᠥᠪᠰᠢᠶᠡᠷᠡᠯ ᠣᠯᠤᠭᠰᠠᠨ ᠮᠤᠵᠢ ᠶᠢᠨ ᠱᠠᠲᠤᠨ ᠤ ᠤᠯᠤᠰ ᠤᠨ ᠨᠤᠳᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠣᠯᠵᠠᠶ᠃ ︽ᠭᠤᠷᠪᠠᠨ ᠣᠷᠣᠨ ᠭᠤᠷᠪᠠᠨ ᠱᠤᠭᠤᠮ︾ ᠢ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠵᠤ᠂ ︽ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠤᠨ ᠬᠡᠰᠡᠭ ᠲᠠᠯ᠎ᠠ ᠶᠢ ᠰᠢᠯᠢᠳᠡᠭᠵᠢᠭᠦᠯᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ  ᠤᠨ ᠭᠠᠳᠠᠨᠠᠬᠢ ᠬᠡᠰᠡᠭ ᠪᠤᠰᠠᠭ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠦᠶ ᠵᠣᠬᠢᠰᠲᠠᠶ ᠪᠠᠶᠢᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠠᠭᠤᠯᠬᠤᠨ ᠤ ᠥᠷᠭᠡᠳᠭᠡᠯ ᠠᠴᠠ ᠠᠭᠤᠯᠤᠭᠳᠠᠬᠤᠨ ᠤ ᠳᠡᠭᠡᠭᠰᠢᠯᠡᠯᠲᠡ ᠳᠠᠶᠢᠰᠢ ᠲᠦᠷᠭᠡᠳᠭᠡᠨ ᠬᠤᠪᠢᠷᠠᠭᠤᠯᠪᠠ︔ ︽ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠯᠢᠳᠡᠭᠵᠢᠭᠦᠯᠦᠨ ᠲᠤᠬᠢᠷᠠᠭᠤᠯᠬᠤ ᠬᠤᠯᠪᠣᠭᠳᠠᠯ ᠪᠦᠬᠦᠢ ᠠᠵᠢᠯ  ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠢᠵᠠᠭᠠᠷ ᠲᠠᠢ ᠠᠵᠢᠯᠯᠠᠭ᠎ᠠ ᠶᠢᠨ ᠲᠦᠷᠦᠯ ᠬᠡᠯᠪᠡᠷᠢ ᠶᠢ ᠨᠠᠷᠢᠯᠢᠬᠵᠢᠭᠤᠯᠤᠨ᠂ ᠡᠯ᠎ᠡ ᠭᠠᠵᠠᠷ ᠤᠨ ᠬᠢᠨ ᠤ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠵᠢᠭᠠᠨ ᠵᠢᠯᠣᠭᠤᠳᠴᠤ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠯᠢᠳᠡᠭᠵᠢᠭᠦᠯᠦᠨ ᠲᠤᠬᠢᠷᠠᠭᠤᠯᠬᠤ ᠰᠠᠭᠤᠷᠢ ᠶᠢ ᠪᠠᠬᠢᠵᠢᠭᠦᠯᠪᠡ᠃  ᠥᠪᠥᠷ ᠮᠣᠩᠭᠤᠯ ᠤᠨ ᠡᠳᠦᠷ ᠤᠨ ᠰᠣᠨᠢᠨ ᠄ ᠥᠪᠥᠷ ᠮᠣᠩᠭᠤᠯ ᠪᠣᠯ ᠮᠠᠨ ᠤ ᠤᠯᠤᠰ ᠤᠨ 13 ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠨᠢᠭᠡ ᠪᠣᠯᠤᠨ᠋᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠤᠨ ᠥᠭᠡᠷᠡᠴᠢᠯᠡᠯᠲᠡ  ᠶᠢ ᠬᠡᠷᠬᠢᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠬᠡᠷᠬᠢᠨ ᠪᠠᠬᠢᠵᠢᠭᠦᠯᠵᠦ ᠪᠠᠶᠢᠬᠤ ᠪᠣᠶ︖  ᠵᠣᠣ ᠳ᠋ᠠ ᠶᠦᠩ ᠄ ᠪᠢᠳᠡ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠢ ᠱᠠᠲᠤ ᠳᠠᠷᠠᠭᠠᠯᠠᠨ ᠲᠣᠭᠲᠠᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠥᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤᠯᠤᠰ ᠤᠨ ᠬᠢᠨᠠᠨ ᠰᠢᠯᠭᠠᠯᠲᠠ ᠳᠤ ᠰᠢᠯᠢᠳᠡᠭ ᠲᠠᠰ ᠢᠶᠠᠷ ᠦᠨᠡᠯᠡᠭᠳᠡᠪᠡ᠃ ︽ᠲᠠᠷᠢᠶᠠᠨ ᠭᠠᠵᠠᠷ ᠢ ᠬᠠᠮᠠᠭᠠᠯᠠᠬᠤ ᠶᠢ ᠴᠢᠩᠭᠠᠳᠬᠠᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠠᠢ ᠬᠠᠮᠲᠤᠷᠠᠨ ︽ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ  ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠰᠢᠰᠲ᠋ᠧᠮ ᠢ ᠪᠠᠶᠢᠭᠤᠯᠤᠨ ᠬᠡᠷᠡᠭᠯᠡᠵᠦ᠂ ᠭᠦᠶᠴᠡᠳᠭᠡᠯ ᠲᠤᠭ᠋᠎ᠠ ᠶᠢ ᠲᠣᠬᠢᠷᠠᠭᠤᠯᠬᠤ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢᠨ ᠬᠥᠳᠡᠯᠦᠩᠭᠦᠶ ᠲᠡᠩᠴᠡᠭᠦᠷᠢ᠂ ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃  ᠥᠪᠥᠷ ᠮᠣᠩᠭᠤᠯ ᠤᠨ ᠡᠳᠦᠷ ᠤᠨ ᠰᠣᠨᠢᠨ ᠄ ᠴᠢᠨᠠᠷ ᠰᠠᠶᠢᠲᠠᠶ ᠬᠥᠭᠵᠢᠯᠲᠡ ᠨᠢ ᠭᠠᠵᠠᠷ ᠰᠢᠷᠣᠶ ᠶᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠠᠴᠠ ᠰᠠᠯᠵᠤ ᠴᠢᠳᠠᠬᠤ ᠥᠬᠡᠶ ᠶᠤᠮ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠭᠠᠵᠠᠷ ᠰᠢᠷᠣᠶ ᠶᠢᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠬᠤ᠂ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠲᠠᠯ᠎ᠠ ᠪᠠᠷ ᠶᠠᠮᠠᠷᠰᠢᠤ ᠠᠵᠢᠯ ᠥᠷᠨᠢᠭᠦᠯᠦᠭᠰᠡᠨ ᠪᠣᠶ︖  ᠵᠣᠣ ᠳ᠋ᠠ ᠶᠦᠩ ᠄ ᠪᠢᠳᠡ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠥᠯᠥᠪᠵᠢᠭᠦᠯᠦᠭᠰᠡᠨ ᠭᠠᠵᠠᠷ ᠰᠢᠷᠣᠶ ᠠᠰᠢᠭᠯᠠᠬᠤ ᠲᠦᠯᠦᠪᠯᠡᠭᠡ ᠶᠢᠨ ᠭᠦᠶᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ︽ᠭᠠᠵᠠᠷ ᠰᠢᠷᠣᠶ  ᠶᠢᠨ ᠬᠠᠮᠢᠶᠠᠷᠤᠯᠲᠠ ᠶᠢᠨ ᠲᠦᠷᠢᠮ ᠳᠤ ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠲᠤᠬᠠᠶ ᠰᠠᠨᠠᠯ︾ ᠢ ᠰᠤᠳᠤᠯᠤᠨ ᠲᠤᠭᠤᠷᠪᠢᠵᠤ᠂ 2024 ᠣᠨ  ᠤ ᠲᠦᠷᠦᠭᠦᠦ ᠭᠤᠷᠪᠠᠨ ᠤᠯᠠᠷᠢᠯ ᠳᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢ 22.48 ᠲᠦᠮᠡᠨ ᠮᠥ ︵ᠪᠥᠬᠦ ᠤᠯᠤᠰ ᠤᠨ ᠳᠥᠷᠪᠡᠳᠦᠭᠡᠷ ᠲᠤ ᠵᠢᠭᠰᠠᠨ᠎ᠠ︶ ᠵᠥᠪᠰᠢᠶᠡᠷᠡᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢ 38.43 ᠲᠦᠮᠡᠨ ᠮᠥ ︵ᠪᠥᠬᠦ ᠤᠯᠤᠰ ᠤᠨ ᠭᠤᠷᠪᠠᠳᠤᠭᠠᠷ ᠲᠤ ᠵᠢᠭᠰᠠᠨ᠎ᠠ︶ ᠬᠠᠩᠭᠠᠵᠤ᠂ ᠳᠠᠪᠠᠭᠤᠯᠢᠭ ᠭᠠᠵᠠᠷ ᠣᠷᠣᠨ᠂ ᠭᠤᠤᠯᠯᠠᠬᠤ ᠠᠵᠤ ᠦᠶᠯᠡᠰ ᠪᠠ ᠴᠢᠬᠤᠯᠠ ᠶᠡᠭᠡ ᠲᠥᠷᠥᠯ ᠵᠦᠶᠯ ᠤᠨ ᠭᠠᠵᠠᠷ ᠰᠢᠷᠤᠢ ᠬᠡᠷᠡᠭᠯᠡᠬᠦ ᠬᠡᠷᠡᠭᠴᠡᠭᠡ ᠶᠢ ᠭᠤᠤᠯᠳᠠᠯᠭ᠎ᠠ ᠲᠠᠢ ᠪᠠᠲᠤᠯᠠᠪᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠂ ᠪᠥᠬᠦ ᠣᠷᠣᠨ ᠳᠤ ᠨᠢᠭᠡᠨᠲᠡ 19 ᠪᠦᠯᠦᠭ ᠭᠠᠵᠠᠷ ᠰᠢᠷᠤᠢ ᠶᠢ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠣᠷᠣᠭᠤᠯᠵᠦ᠂ 4.52 ᠳ᠋ᠦᠩᠰᠢᠭᠤᠷ ᠲᠥᠭᠦᠷᠢᠭ ᠤᠨ ᠠᠵᠤ ᠦᠶᠯᠡᠰ ᠤᠨ ᠪᠠᠯᠠ ᠣᠷᠣᠭᠤᠯᠤᠯᠲᠠ ᠶᠢ ᠳᠠᠶᠢᠴᠢᠯᠠᠨ᠂ 696 ᠠᠵᠢᠯ ᠤᠨ ᠪᠠᠶᠢᠷᠢ ᠬᠠᠩᠭᠠᠵᠤ᠂ ᠴᠠᠯᠢᠩ ᠬᠦᠯᠦᠰᠦ ᠶᠢᠨ ᠴᠢᠨᠠᠷᠲᠠᠶ ᠣᠷᠣᠯᠭ᠋᠎ᠠ ᠶᠢ 1207.7 ᠲᠦᠮᠡᠨ ᠲᠥᠭᠦᠷᠢᠭ ᠨᠡᠮᠡᠭᠳᠡᠭᠦᠯᠪᠡ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠠᠬᠢ ᠰᠢᠨ᠎ᠡ‌‍ᠪᠡᠷ ᠨᠡᠮᠡᠭᠳᠡᠭᠰᠡᠨ ᠠᠵᠤ ᠦᠶᠯᠡᠳᠪᠦᠷᠢ ᠶᠢᠨ ᠬᠡᠷᠡᠭᠯᠡᠬᠦ ᠭᠠᠵᠠᠷ ᠰᠢᠷᠣᠶ ᠶᠢᠨ ︽ᠪᠠᠷᠢᠮᠵᠢᠶᠠᠲᠤ ᠭᠠᠵᠠᠷ︾ ᠢ 422 ᠭᠡᠰᠡᠭ ᠢ ᠰᠢᠯᠵᠢᠭᠦᠯᠬᠦ ᠶᠢ ᠠᠬᠢᠭᠤᠯᠵᠤ᠂ ᠪᠥᠬᠦ ᠣᠷᠣᠨ ᠤ ︽ᠪᠠᠷᠢᠮᠵᠢᠶᠠᠲᠤ ᠭᠠᠵᠠᠷ︾ ᠤᠨ ᠰᠢᠨ᠎ᠡ ᠪᠠᠷ ᠨᠡᠮᠡᠭᠳᠡᠭᠰᠡᠨ ᠠᠵᠤ ᠦᠶᠯᠡᠳᠪᠦᠷᠢ ᠶᠢᠨ ᠬᠡᠷᠡᠭᠯᠡᠬᠦ ᠭᠠᠵᠠᠷ ᠰᠢᠷᠣᠶ ᠳᠠᠬᠢ ᠡᠵᠡᠯᠡᠬᠦ ᠬᠠᠷᠢᠴᠠᠯ ᠨᠢ 100% ᠪᠠᠶᠢᠵᠤ᠂ ᠠᠵᠤ ᠦᠶᠯᠡᠳᠪᠦᠷᠢ ᠶᠢᠨ ᠲᠥᠷᠥᠯ ᠵᠦᠶᠯ ᠢ ᠨᠠᠶᠢᠳᠠᠪᠤᠷᠢᠵᠢᠭᠤᠯᠬᠤ ᠳᠤ ︽ᠲᠦᠷᠭᠡᠳᠭᠡᠭᠦᠷ︾ ᠤᠨ ᠦᠢᠯᠡᠳᠦᠯ ᠦᠵᠡᠬᠦᠯᠪᠡ᠃  ᠥᠪᠥᠷ ᠮᠣᠩᠭᠤᠯ ᠤᠨ ᠡᠳᠦᠷ ᠤᠨ ᠰᠣᠨᠢᠨ ᠄ ᠥᠪᠥᠷ ᠮᠣᠩᠭᠤᠯ ᠪᠣᠯ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠮᠥᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠨᠢ ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠲᠠᠢ ᠬᠤᠯᠪᠣᠭᠳᠠᠨ᠋᠎ᠠ᠃ ᠤᠶᠢᠷ᠎ᠠ ᠶᠢᠨ ᠵᠢᠯ ᠳᠤ ᠪᠦᠬᠦ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠶᠠᠮᠠᠷ ᠪᠤᠳᠠᠳᠠᠢ ᠦᠷ᠎ᠡ ᠪᠦᠲᠦᠮᠵᠢ ᠣᠯᠤᠭᠰᠠᠨ ᠢ ᠶᠠᠷᠢᠭᠠᠳ ᠦᠭᠭᠦᠨ᠋᠎ᠡ ‍ᠤᠤ︖  ᠵᠣᠣ ᠳ᠋ᠠ ᠶᠦᠩ ᠄ ᠪᠢᠳᠡ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠤᠳᠤᠯᠭ᠎ᠠ  ᠶᠢᠨ ᠠᠵᠢᠯᠯᠠᠭ᠎ᠠ ᠶᠢ ᠢᠳᠡᠪᠬᠢᠲᠡᠶ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 18.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠶᠯ ᠢ ᠨᠡᠶᠢᠲᠡ 352 ᠪᠠᠶᠢᠷᠢᠯᠠᠭᠤᠯᠵᠤ᠂ ᠲᠣᠮᠣ ᠳᠤᠮᠳᠠ ᠬᠡᠯᠪᠡᠷᠢ ᠶᠢᠨ ᠨᠡᠭᠦᠷᠡᠰᠦᠨ ᠤ ᠪᠤᠰᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠭᠠᠵᠠᠷ 42 ᠰᠢᠨ᠎ᠡ ᠪᠠᠷ ᠨᠡᠮᠡᠭᠳᠡᠵᠦ᠂ 8 ᠠᠭᠤᠷᠬᠠᠶ ᠶᠢᠨ ᠲᠥᠷᠥᠯ ᠨᠢ ᠤᠯᠤᠰ ᠠᠴᠠ ᠪᠠᠭᠤᠯᠭᠠᠭᠰᠠᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢ ᠨᠡᠮᠡᠭᠳᠡᠬᠦᠯᠦᠨ ᠨᠥᠭᠡᠴᠡᠯᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ︽ᠨᠡᠶᠢᠭᠡᠮ ᠤᠨ ᠪᠡᠯᠡ ᠮᠥᠩᠭᠦ ᠶᠢᠨ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠣᠷᠣᠯᠴᠠᠬᠤ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠲᠤ ᠨᠡᠶᠢᠭᠡᠮ ᠤᠨ ᠪᠡᠯᠡ ᠮᠥᠩᠭᠦ ᠶᠢᠨ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠣᠷᠣᠯᠴᠠᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠤᠨ᠂ ᠣᠷᠣᠨ ᠤ ᠳᠣᠲᠣᠷᠠᠬᠢ ᠤᠯᠤᠰ ᠤᠨ ᠥᠮᠴᠢᠯᠡᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠨᠢᠭᠡᠴᠢ ᠶᠢᠨ ᠥᠪᠡᠷ ᠤᠨ ᠪᠠᠶᠢᠭ᠎ᠠ ᠪᠡᠯᠡ ᠮᠥᠩᠭᠦ ᠪᠠᠨ ᠠᠰᠢᠭᠯᠠᠨ ᠣᠷᠣᠨ ᠪᠦᠰᠡ  ᠶᠢᠨ ᠠᠭᠤᠷᠬᠠᠶ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠬᠢᠬᠦ ᠪᠠ ᠣᠷᠣᠨ ᠬᠡᠰᠡᠭ ᠤᠨ ᠰᠢᠯᠢᠳᠡᠭ ᠢ ᠨᠢ ᠰᠣᠩᠭᠤᠨ ᠪᠠᠶᠢᠴᠠᠭᠠᠵᠤ ᠦᠨᠡᠯᠡᠬᠦ ᠠᠵᠢᠯ ᠥᠷᠨᠢᠭᠦᠯᠬᠦ ᠶᠢ ᠠᠬᠢᠭᠤᠯᠵᠤ ᠪᠠᠶᠢᠨ᠎ᠠ᠃ ︽ᠠᠭᠤᠷᠬᠠᠶ ᠶᠢᠨ ᠦᠶᠯᠡᠰ ᠤᠨ ᠡᠷᠬᠡ  ᠶᠢ ᠰᠢᠯᠵᠢᠬᠦᠯᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠢᠯᠵᠢᠬᠦᠯᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠢᠯᠵᠢᠬᠦᠯᠬᠦ ᠣᠷᠣᠨ ᠬᠡᠰᠡᠭ ᠤᠨ ᠢᠷᠡᠯᠲᠡ ᠶᠢ ᠢᠳᠡᠪᠬᠢᠲᠡᠶ ᠪᠠᠷ ᠥᠷᠭᠡᠵᠢᠭᠦᠯᠵᠦ᠂ ᠰᠢᠯᠵᠢᠬᠦᠯᠬᠦ ᠲᠥᠷᠥᠯ ᠵᠦᠶᠯ ᠤᠨ ᠬᠥᠮᠥᠷᠭᠡ ᠶᠢ ᠲᠡᠭᠦᠯᠳᠡᠷᠵᠢᠭᠦᠯᠤᠨ᠂ ᠠᠭᠤᠷᠬᠠᠶ ᠶᠢᠨ ᠦᠶᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠰᠢᠯᠵᠢᠬᠦᠯᠬᠦ ᠶᠢ ᠪᠦᠬᠦ ᠲᠠᠯ᠎ᠠ ᠪᠠᠷ ᠠᠬᠢᠭᠤᠯᠵᠤ ᠪᠤᠢ᠃ ᠡᠨᠡ ᠵᠢᠯ ᠠᠴᠠ ᠨᠠᠭᠠᠰᠢ᠂ 61 ᠠᠭᠤᠷᠬᠠᠶ ᠶᠢᠨ ᠦᠶᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠰᠢᠯᠵᠢᠭᠦᠯᠵᠦ᠂ ᠠᠷᠠᠯᠵᠢᠶ᠎ᠠ ᠪᠦᠲᠦᠭᠰᠡᠨ ᠶᠡᠷᠦᠩᠬᠡᠶ ᠦᠨ᠋᠎ᠡ ᠨᠢ 190 ᠳ᠋ᠦᠩᠰᠢᠭᠤᠷ ᠲᠥᠭᠦᠷᠢᠭ ᠲᠤ ᠬᠦᠷᠴᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃  ᠥᠪᠥᠷ ᠮᠣᠩᠭᠤᠯ ᠤᠨ ᠡᠳᠦᠷ ᠤᠨ ᠰᠣᠨᠢᠨ ᠄ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠵᠤ᠂ ᠲᠩᠷᠢ  ᠨᠢ ᠴᠡᠯᠮᠡᠭ᠂ ᠲᠠᠯ᠎ᠠ ᠨᠢ ᠨᠣᠭᠤᠭᠠᠨ᠂ ᠤᠰᠤ ᠨᠢ ᠲᠤᠩᠭᠠᠯᠠᠭ ᠦᠵᠡᠰᠭᠦᠯᠡᠩᠲᠦ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠬᠤ ᠪᠣᠯ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠡᠭᠦᠷᠭᠡ ᠮᠥᠨ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠪᠠ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠶᠠᠮᠠᠷᠰᠢᠤ ᠴᠢᠬᠤᠯᠠ ᠪᠦᠳᠤᠮᠵᠢᠳᠠᠢ ᠠᠷᠭ᠋᠎ᠠ ᠬᠡᠮᠵᠢᠶ᠎ᠡ ᠠᠪᠤᠭᠰᠠᠨ ᠪᠣᠶ︖  ᠵᠤᠤ ᠳ᠋ᠠ ᠶᠦᠩ ᠄ ᠪᠢᠳᠡ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠬᠠᠮᠠᠭᠠᠯᠠᠨ ᠰᠡᠷᠭᠦᠭᠡᠬᠦ 2 ᠢᠨᠵᠧᠨᠧᠷᠢᠩ ᠪᠣᠯᠤᠨ ᠲᠡᠦᠬᠡᠨ ᠠᠴᠠ ᠦᠯᠡᠳᠡᠭᠳᠡᠵᠦ ᠢᠷᠡᠭᠰᠡᠨ 3 ᠬᠠᠶᠠᠭᠳᠠᠮᠠᠯ ᠠᠭᠤᠷᠬᠠᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠠᠮᠵᠢᠯᠲᠠ ᠲᠠᠢ ᠭᠤᠶᠤᠴᠢᠯᠠᠨ ᠮᠡᠳᠡᠭᠦᠯᠦᠭᠰᠡᠨ ᠪᠥᠭᠡᠳ ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠲᠡᠦᠬᠡᠨ ᠠᠴᠠ ᠦᠯᠡᠳᠡᠭᠳᠡᠵᠦ ᠢᠷᠡᠭᠰᠡᠨ 73.76 ᠲᠡᠭᠰᠢ ᠳᠥᠷᠪᠡᠯᠵᠢᠨ ᠺᠢᠯᠤᠮᠧᠲᠷ ᠤᠨ ᠬᠠᠶᠠᠭᠳᠠᠮᠠᠯ ᠠᠭᠤᠷᠬᠠᠢ ᠶᠢᠨ ᠵᠠᠰᠠᠯᠲᠠ ᠶᠢ ᠪᠡᠶᠡᠯᠡᠭᠦᠯᠵᠦ᠂ 344 ᠪᠣᠬᠢᠷᠲᠤᠯ ᠦᠭᠡᠢ ᠠᠭᠤᠷᠬᠠᠢ ᠶᠢ ᠪᠠᠶᠢᠭᠤᠯᠪᠠ᠃ ︽ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠵᠤ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ᠂ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢ ᠨᠢᠭᠡᠳᠦᠯᠲᠡᠶ ᠲᠥᠯᠥᠪᠵᠢᠭᠦᠯᠬᠦ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ᠂ ᠵᠠᠰᠠᠯᠲᠠ ᠶᠢᠨ ᠲᠦᠷᠢᠮ ᠤᠨ ᠰᠢᠰᠲ᠋ᠧᠮ ᠢ ᠪᠦᠷᠢᠨᠰᠢᠬᠦᠯᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠬᠤ ᠵᠡᠷᠭᠡ 6 ᠲᠠᠯ᠎ᠠ ᠪᠠᠷ 48 ᠵᠤᠷᠪᠤᠰ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠪᠠ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠪᠡ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ