ᠰᠢᠨ᠎ᠡ ᠠᠶᠠᠨ ᠳᠠᠭᠠᠨ ᠤᠮᠤᠭ ᠵᠣᠷᠢᠭ ᠢᠶᠠᠨ ᠬᠥᠪᠴᠢᠯᠡᠵᠦ ᠪᠣᠳᠠᠲᠠᠢ ᠠᠵᠢᠯᠯᠠᠵᠤ ᠰᠢᠨ᠎ᠡ ᠬᠠᠭᠤᠳᠠᠰᠤ ᠶᠢ ᠪᠢᠴᠢᠭᠯᠡᠶ᠎ᠡ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠬᠠᠯᠠᠭᠤᠨ ᠲᠤᠰᠬᠠᠯ ᠭᠠᠷᠪᠠ
ᠨᠡᠶᠢᠲᠡᠯᠡᠭᠰᠡᠨ ᠴᠠᠭ᠄
2024/12/30
  2024 ᠣᠨ ᠤ 12 ᠳ᠋ᠤᠭᠠᠷ ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠠᠵᠢᠯ ᠢᠶᠠᠨ ᠪᠠᠶᠢᠷᠢᠯᠠᠭᠤᠯᠪᠠ᠃ 2025 ᠣᠨ ᠳᠤ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ ︽ᠰᠢᠨ᠎ᠡ ᠵᠠᠮ ᠢ ᠨᠡᠭᠡᠭᠡᠵᠦ ᠳᠤᠮᠳᠠᠳᠤ ᠲᠦᠪᠰᠢᠨ ᠳᠤ ᠳᠠᠪᠰᠢᠬᠤ︾ ᠬᠠᠷᠠᠯᠲᠠ ᠶᠢ ᠪᠡᠶᠡᠯᠡᠭᠦᠯᠬᠦ ᠳᠤ ᠱᠤᠭᠤᠮ ᠪᠠ ᠴᠢᠭᠯᠡᠯ ᠢ ᠲᠣᠳᠣᠷᠬᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠬᠥᠮᠦᠰ ᠤᠨ ᠰᠡᠳᠬᠢᠯ ᠢ ᠬᠥᠭᠵᠢᠭᠡᠵᠦ᠂ ᠬᠠᠷᠠᠯᠲᠠ ᠲᠣᠳᠣᠷᠬᠠᠶ᠂ ᠪᠣᠳᠠᠲᠠᠶ ᠶᠢ ᠡᠷᠬᠢᠮᠯᠡᠵᠦ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠨ᠎ᠠ᠃ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠤ ᠪᠠᠨ ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠥᠬᠡᠶ ᠪᠣᠳᠠᠲᠠᠶ ᠠᠵᠢᠯᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠥᠭᠡᠷᠡᠴᠢᠯᠡᠯᠲᠡ ᠬᠥᠭᠵᠢᠯᠲᠡ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠬᠡᠵᠡᠢ᠃  ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠤᠨ᠎ᠠ  ︽ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠬᠦ ᠠᠴᠠ ︿ᠵᠢᠷᠭᠤᠭᠠᠨ  ᠢᠨᠵᠧᠨᠧᠷᠢᠩ﹀ ᠢ ᠦᠷᠭᠦᠯᠵᠢᠯᠡᠨ ᠠᠬᠢᠭᠤᠯᠵᠤ᠂ ︿ᠵᠢᠷᠭᠤᠭᠠᠨ ᠠᠵᠢᠯᠯᠠᠭ᠎ᠠ﹀ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠦᠷᠲᠡᠯ᠎ᠡ᠂ ᠴᠥᠮ ᠮᠠᠨ ᠤ ᠣᠷᠣᠨ ᠳᠤ ᠲᠠᠲᠠᠬᠤ ᠴᠢᠨᠠᠷᠲᠠᠢ᠂ ᠰᠠᠭᠤᠷᠢ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠠᠵᠢᠯ ᠤᠨ ᠲᠥᠪᠯᠡᠷᠡᠩᠭᠦᠢ ᠪᠣᠭᠤᠮᠲᠠ ᠰᠢᠪᠲᠤᠯᠬᠤ ᠪᠣᠯᠤᠨ᠎ᠠ᠂ ᠳᠣᠲᠣᠭᠠᠳᠤ ᠯᠣᠭᠢᠭ ᠢ ᠢᠮᠠᠭᠲᠠ ᠲᠤᠭᠤᠰᠢᠯᠠᠭᠤᠯᠤᠭᠰᠠᠭᠠᠷ ᠢᠷᠡᠵᠠᠢ᠃ ᠬᠤᠷᠠᠯ ᠠᠴᠠ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠮᠠᠨ ᠤ ᠠᠵᠢᠯ ᠤᠨ ᠬᠠᠨᠳᠤᠯᠭᠠᠲᠤ ᠴᠢᠨᠠᠷ ᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠪᠣᠳᠠᠲᠠᠢ ᠠᠵᠢᠯᠯᠠᠬᠤ ᠶᠢ ᠴᠢᠩᠭᠠᠳᠬᠠᠬᠤ᠂ ᠪᠣᠳᠠᠲᠤ ᠠᠮᠵᠢᠯᠲᠠ ᠶᠢ ᠡᠷᠬᠢᠮᠯᠡᠬᠦ ᠱᠠᠭᠠᠷᠳᠠᠯᠭ᠎ᠠ ᠶᠢ ᠢᠯᠡᠷᠡᠭᠦᠯᠵᠦ᠂ ᠬᠦᠴᠦᠷᠬᠡᠭ ᠶᠡᠭᠡ ᠬᠥᠭᠵᠢᠯᠲᠡ ᠶᠢᠨ ᠢᠲᠡᠭᠡᠯ ᠢ ᠢᠯᠡᠷᠡᠭᠦᠯᠪᠡ︾ ᠭᠡᠵᠡᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠩ ᠮᠢᠩ ᠵᠦ ᠬᠡᠯᠡᠪᠡ᠃  ᠭᠦᠩ ᠮᠢᠩ ᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠢᠰᠲ᠋ᠧᠮ ᠤᠨ ᠬᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠲᠠᠯ᠎ᠠ ᠪᠠᠷ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠎ᠡ᠃ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠥᠷᠨᠢᠭᠦᠯᠬᠦ ᠲᠠᠯ᠎ᠠ ᠪᠠᠷ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠡᠭᠦᠷᠭᠡ ᠴᠢᠳᠠᠪᠤᠷᠢ ᠳᠤ ᠰᠠᠭᠤᠷᠢᠯᠠᠨ ᠬᠥᠭᠵᠢᠯᠲᠡ ᠶᠢ ᠠᠳᠬᠤᠬᠤ ᠲᠠᠯ᠎ᠠ ᠪᠠᠷ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠪᠡᠯᠡ ᠮᠥᠩᠭᠦ ᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠡᠷᠡᠭᠯᠡᠭᠡ ᠶᠢ ᠬᠥᠭᠵᠢᠭᠡᠬᠦ ᠵᠡᠷᠭᠡ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃  2024 ᠣᠨ ᠳᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠢᠯᠡᠳᠲᠡ ᠠᠮᠵᠢᠯᠲᠠ ᠣᠯᠵᠤ᠂ ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠠᠵᠢᠯ ᠢ ᠪᠦᠬᠦᠨ ᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠨᠢ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠪᠡ᠃ ᠡᠭᠦᠨ ᠳᠤ᠂ ︽ᠤᠮᠠᠷᠠᠲᠦ ᠶᠢᠨ ᠭᠤᠷᠪᠠᠨ ᠣᠷᠣᠨ︾  ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠴᠢᠬᠤᠯᠠ ᠶᠡᠭᠡ ᠦᠷ᠎ᠡ ᠪᠦᠲᠦᠭᠡᠯ ᠣᠯᠵᠤ᠂ ᠡᠳᠦᠷ ᠪᠦᠷᠢ ᠳᠤᠮᠳᠠᠴᠢ ᠪᠠᠷ 6 ᠲᠦᠮᠡᠨ ᠮᠥ ᠡᠯᠡᠰᠦ ᠶᠢ ᠵᠠᠰᠠᠵᠤ᠂ ᠪᠥᠬᠦ ᠵᠢᠯ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ 1954 ᠲᠦᠮᠡᠨ ᠮᠥ ᠪᠡᠶᠡᠯᠡᠭᠦᠯᠪᠡ︔ ᠨᠢᠭᠡ ᠴᠤᠭᠴᠠᠵᠢᠭᠤᠯᠬᠤ ᠢᠨᠵᠧᠨᠧᠷᠢᠩ ᠳᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠮᠠᠰᠢᠨ ᠴᠣᠭᠴᠠᠯᠠᠪᠤᠷᠢ 2727 ᠲᠦᠮᠡᠨ ᠺᠢᠯᠣᠸᠠᠲ᠂ ᠢᠵᠢ ᠪᠦᠷᠢᠳᠦᠭᠦᠯᠦᠨ 238 ᠲᠦᠮᠡᠨ ᠮᠥ ᠶᠢ ᠡᠯᠡᠰᠦ ᠶᠢ ᠵᠠᠰᠠᠪᠠ᠃  ︽2025 ᠣᠨ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ︿ᠲᠠᠪᠤᠨ ᠶᠡᠭᠡ ᠡᠭᠦᠷᠭᠡ﹀᠂ ︿ᠵᠢᠷᠭᠤᠭᠠᠨ ᠢᠨᠵᠧᠨᠧᠷᠢᠩ﹀᠂ ︿ᠵᠢᠷᠭᠤᠭᠠᠨ ᠠᠵᠢᠯᠯᠠᠭ᠎ᠠ﹀︾ ᠪᠠᠷ ᠬᠥᠲᠥᠯᠦᠨ ᠳᠠᠭᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨ ᠪᠣᠳᠠᠲᠠᠶ ᠪᠠᠷ ᠠᠵᠢᠯᠯᠠᠵᠤ᠂ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠴᠣᠭᠴᠠᠯᠠᠵᠤ᠂ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠡᠯᠡᠪᠡ᠃ ᠨᠢᠭᠡ ᠳᠤ᠂ ︽ᠤᠮᠠᠷᠠᠲᠦ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠦᠷᠭᠦᠯᠵᠢᠯᠡᠨ ᠭᠤᠣᠯ ᠰᠢᠪᠲᠤᠯᠤᠯᠲᠠ᠂ ᠲᠣᠯᠣᠭᠠᠶᠢᠯᠠᠭᠴᠢ ᠪᠣᠯᠵᠤ᠂ ᠨᠢᠭᠡ ᠴᠣᠭᠴᠠᠵᠢᠭᠰᠠᠨ ᠢᠨᠵᠧᠨᠧᠷᠢᠩ ᠢ ᠭᠦᠨᠵᠡᠭᠡᠶ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1500 ᠲᠦᠮᠡᠨ ᠺᠢᠯᠣᠸᠠᠲ᠂ ᠢᠵᠢ ᠪᠦᠷᠢᠳᠦᠭᠦᠯᠦᠨ 140 ᠲᠦᠮᠡᠨ ᠮᠦ ᠡᠯᠡᠰᠦ ᠶᠢ ᠵᠠᠰᠠᠨ᠎ᠠ︔ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠰᠠᠶᠢᠲᠤᠷ ᠬᠡᠷᠡᠭᠵᠢᠭᠦᠯᠵᠦ᠂ ᠪᠦᠬᠦ ᠵᠢᠯ ᠳᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ 2000 ᠲᠦᠮᠡᠨ ᠮᠦ ᠠᠴᠠ ᠳᠡᠭᠡᠭᠰᠢ ᠪᠡᠶᠡᠯᠡᠭᠦᠯᠦᠨ᠎ᠡ᠃ ᠬᠤᠶᠠᠷ ᠲᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠶᠢᠨ 292 ᠵᠢᠭᠰᠠᠭᠠᠯ ᠤᠨ ᠭᠠᠵᠠᠷ ᠤᠨ ᠦᠢᠯᠡᠳᠦᠯ ᠢ  ᠪᠠᠳᠠᠷᠠᠭᠤᠯᠵᠤ᠂ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠠᠴᠠ ᠣᠷᠣᠯᠠᠨ ᠬᠠᠮᠢᠶᠠᠷᠴᠤ᠂ ᠨᠢᠭᠡ ᠬᠡᠰᠡᠭ ᠢ ᠪᠠᠶᠢᠭᠤᠯᠵᠤ᠂ ᠨᠢᠭᠡ ᠬᠡᠰᠡᠭ ᠢ ᠨᠤᠭᠤᠭᠠᠨ ᠪᠣᠯᠭᠠᠬᠤ ᠶᠢ ᠦᠨᠡᠨ ᠬᠦ ᠪᠠᠲᠤᠯᠠᠨ᠎ᠠ᠃ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ᠤᠢ ᠰᠢᠭᠤᠢ ᠨᠤᠲᠤᠭ ᠪᠡᠯᠴᠢᠭᠡᠷ ᠢ ᠰᠦᠢᠳᠭᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠪᠡᠷ ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠭᠤᠷᠪᠠ ᠳᠤ᠂ ᠠᠮᠢ ᠠᠬᠤᠢ ᠶᠢᠨ ᠦᠷᠳᠡᠭ ᠢ ᠬᠤᠪᠢᠷᠠᠭᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠢ ᠪᠤᠵᠠᠭᠠᠶᠢᠷᠠᠭᠤᠯᠬᠤ᠂ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠬᠦᠴᠦᠷᠬᠡᠭᠵᠢᠭᠦᠯᠬᠦ᠂ ᠣᠶ ᠰᠢᠭᠤᠶ ᠡᠪᠡᠰᠦ ᠪᠡᠯᠴᠢᠭᠡᠷ ᠤᠨ ᠥᠭᠡᠷᠡᠴᠢᠯᠡᠯᠲᠡ ᠶᠢ ᠠᠮᠢᠳᠤᠯᠢᠭ ᠬᠢᠬᠦ ᠳᠡᠭᠡᠷ᠎ᠡ ᠬᠦᠴᠦ ᠲᠠᠯᠪᠢᠵᠤ᠂ ᠨᠠᠩ ᠣᠯᠠᠨ ᠠᠮᠢ ᠠᠬᠤᠶ ᠶᠢᠨ ᠡᠳ᠋ ᠪᠠᠶᠠᠯᠢᠭ ᠢ ᠠᠵᠤ ᠠᠬᠤᠶ ᠶᠢᠨ ᠡᠳ᠋ ᠪᠠᠶᠠᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠣᠨᠴᠠᠯᠢᠭ ᠲᠠᠢ ᠣᠶ ᠰᠢᠭᠤᠶ ᠡᠪᠡᠰᠦ ᠪᠡᠯᠴᠢᠭᠡᠷ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠨᠡᠭᠡᠭᠡᠬᠦ ᠬᠡᠷᠡᠭᠲᠡᠢ᠃  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠ ᠬᠠᠮᠢᠶᠠᠷᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ  ᠲᠡᠭᠦᠯᠳᠡᠷᠵᠢᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ︔ 1.7 ᠳ᠋ᠦᠩᠰᠢᠭᠤᠷ ᠮᠥ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ︔ ᠭᠠᠵᠠᠷ ᠬᠡᠷᠡᠭᠯᠡᠬᠦ᠂ ᠠᠭᠤᠷᠬᠠᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠠᠪᠤᠴᠠ ᠶᠢ  ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯᠧᠮᠧᠨ᠋ᠲ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠶ᠃  ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠨ᠎ᠠ  ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠣᠳᠣᠬᠠᠨ ᠤ ᠪᠠᠶᠢᠳᠠᠯ ᠢ ᠭᠦᠨᠵᠡᠭᠡᠢ ᠵᠠᠳᠠᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠳᠤᠷᠠᠳᠤᠭᠰᠠᠨ ᠡᠭᠦᠷᠭᠡ ᠪᠣᠯᠤᠨ᠎ᠠ᠂ ᠲᠦᠢᠯ ᠤᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ   ᠪᠠᠶᠢᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ᠂ ᠬᠦᠴᠢᠷ ᠶᠠᠪᠤᠳᠠᠯ ᠢ ᠰᠢᠢᠳᠪᠦᠷᠢᠯᠡᠬᠦ᠂ ᠵᠠᠩᠭᠢᠯᠠᠭ᠎ᠠ ᠶᠢᠨ ᠶᠠᠪᠤᠳᠠᠯ ᠢ ᠰᠢᠢᠳᠪᠦᠷᠢᠯᠡᠬᠦ ᠢᠯᠡ ᠲᠣᠳᠣ ᠤᠳᠤᠷᠢᠳᠤᠮᠵᠢ ᠶᠢ ᠬᠠᠷᠠᠭᠤᠯᠵᠠᠢ᠃  ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ᠃  ︽ᠤᠰᠤ ᠳᠤᠲᠠᠭᠳᠠᠬᠤ ᠪᠣᠯ ᠥᠪᠥᠷ ᠮᠣᠩᠭᠤᠯ ᠤᠨ ᠦᠨᠳᠦᠰᠦᠨ ᠣᠷᠣᠨ ᠤ ᠪᠠᠶᠢᠳᠠᠯ ᠪᠣᠯᠣᠨ᠎ᠠ᠂ ᠤᠰᠤᠨ ᠤ ᠪᠠᠶᠢᠳᠠᠯ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠬᠡᠳᠦᠢ ᠥᠨᠳᠥᠷ ᠪᠣᠯ ᠥᠪᠥᠷ ᠮᠣᠩᠭᠤᠯ ᠤᠨ ᠬᠥᠭᠵᠢᠯᠲᠡ ᠶᠢᠨ ᠣᠷᠣᠨ ᠵᠠᠢ ᠲᠡᠳᠦᠢ ᠶᠡᠭᠡ ᠪᠣᠯᠣᠨ᠎ᠠ᠃ ︿ᠵᠢᠷᠭᠤᠭᠠᠨ ᠠᠵᠢᠯᠯᠠᠭ᠎ᠠ﹀ ᠶᠢᠨ ᠨᠢᠭᠡ ᠪᠣᠯᠤᠭᠰᠠᠨ ᠤ ᠬᠤᠪᠢ ᠳᠤ᠂ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠨᠢ ᠭᠤᠣᠯᠳᠠᠭᠤ ᠭᠤᠷᠪᠠᠨ ᠲᠠᠯ᠎ᠠ ᠠᠴᠠ ᠭᠠᠷᠳᠠᠨ᠎ᠠ᠄ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠵᠦ᠂ ᠤᠰᠤ ᠠᠷᠪᠢᠯᠠᠬᠤ ᠤᠰᠤᠯᠠᠯᠲᠠ ᠶᠢ ᠰᠠᠶᠢᠲᠤᠷ ᠠᠳᠬᠤᠨ᠎ᠠ︔ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠰᠠᠶᠢᠲᠤᠷ ᠠᠳᠬᠤᠵᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ  ᠲᠦᠷᠭᠡᠳᠬᠡᠨ᠎ᠡ︔ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠤᠷᠠᠭᠤᠯᠵᠤ᠂ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ︾᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠡᠯᠡᠪᠡ᠃  ᠱᠧᠩ ᠰᠢᠶᠣᠣ ᠶᠢᠤ᠂ ᠤᠰᠤ ᠠᠷᠪᠢᠯᠠᠬᠤ ᠶᠢᠨ ᠵᠠᠩᠭᠢᠯᠠᠭ᠎ᠠ ᠶᠢ ᠰᠠᠶᠢᠲᠤᠷ ᠠᠳᠬᠤᠬᠤ ᠨᠢ ᠬᠥᠲᠥᠯᠥᠨ ᠵᠢᠯᠣᠭᠤᠳᠬᠤ ᠴᠢᠨᠠᠷᠲᠠᠶ᠂ ᠬᠢᠵᠠᠭᠠᠷᠯᠠᠬᠤ ᠴᠢᠨᠠᠷᠲᠠᠶ᠂ ᠤᠷᠮᠠᠰᠢᠭᠤᠯᠬᠤ ᠴᠢᠨᠠᠷᠲᠠᠶ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠬᠤ ᠶᠠᠪᠤᠳᠠᠯ ᠪᠣᠯᠤᠨ᠎ᠠ᠂ ᠵᠢᠱᠢᠶᠡᠯᠡᠪᠡᠯ ᠲᠠᠷᠢᠶᠠᠯᠠᠩ ᠤᠨ ᠤᠰᠤ ᠠᠷᠪᠢᠯᠠᠬᠤ ᠲᠠᠯ᠎ᠠ ᠪᠠᠷ᠂ ᠰᠢᠨᠵᠢᠯᠡᠬᠦ ᠤᠬᠠᠭᠠᠨᠴᠢ ᠪᠠᠷ ᠤᠰᠤᠯᠠᠯᠲᠠ ᠶᠢᠨ ᠳᠦᠷᠢᠮ ᠤᠨ ᠰᠢᠰᠲ᠋ᠧᠮᠵᠢ᠂ ᠤᠰᠤ ᠬᠡᠷᠡᠭᠯᠡᠬᠦ ᠬᠡᠮᠵᠢᠯᠲᠡ ᠶᠢᠨ ᠬᠢᠨᠠᠨ ᠬᠡᠮᠵᠢᠬᠦ ᠰᠢᠰᠲ᠋ᠧᠮᠵᠢ᠂ ᠲᠠᠷᠢᠶᠠᠯᠠᠩ ᠤᠨ ᠤᠰᠤᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠦᠷᠢᠮ ᠤᠨ  ᠰᠢᠰᠲ᠋ᠧᠮᠵᠢ᠂ ᠤᠰᠤ ᠠᠷᠪᠢᠯᠠᠬᠤ ᠮᠡᠷᠭᠡᠵᠢᠯ ᠵᠢᠴᠢ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠬᠤ ᠬᠡᠷᠡᠭᠲᠡᠶ᠃ 2025 ᠣᠨ ᠳᠤ ᠪᠥᠬᠦ ᠣᠷᠣᠨ ᠳᠤ ᠤᠰᠤ ᠠᠷᠪᠢᠯᠠᠬᠤ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.59 ᠳᠤ ᠬᠦᠷᠦᠭᠦᠯᠵᠦ᠂ ᠪᠥᠬᠦ ᠤᠯᠤᠰ ᠤᠨ ᠳᠤᠮᠳᠠ ᠳᠡᠭᠡᠳᠦ ᠤᠷᠤᠰᠬᠠᠯ ᠤᠨ ᠬᠢᠷᠢ ᠲᠦᠪᠰᠢᠨ ᠳᠤ ᠬᠦᠷᠦᠭᠦᠯᠦᠨ᠎ᠡ᠃  ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠠᠵᠢᠯ ᠤᠨ ᠳᠤᠮᠳᠠ ᠪᠠᠨ ︽ᠵᠢᠷᠭᠤᠭᠠᠨ ᠠᠵᠢᠯᠯᠠᠭ᠎ᠠ︾ ᠶᠢ ᠨᠠᠷᠢᠯᠢᠬᠵᠢᠭᠤᠯᠤᠨ ᠪᠣᠳᠠᠲᠠᠶᠢᠵᠢᠭᠤᠯᠬᠤ ᠶᠢᠨ ᠬᠠᠮᠲᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ ᠭᠡᠵᠡᠶ᠃ ᠨᠢᠭᠡ ᠳᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠬᠤᠯᠠ ᠶᠡᠭᠡ ᠲᠦᠷᠦᠯ ᠵᠦᠢᠯ ᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠡᠭᠦᠨ ᠳᠤᠮᠳᠠ ᠪᠠᠷᠠᠭᠤᠨ ᠣᠷᠣᠨ ᠤ ᠳᠡᠭᠡᠳᠦ ᠬᠤᠷᠳᠤ ᠶᠢᠨ ᠲᠡᠮᠦᠷ ᠵᠠᠮ ᠤᠨ ᠨᠡᠪᠲᠡᠷᠡᠯ ᠵᠠᠮ ᠬᠢᠭᠡᠳ ᠵᠡᠭᠦᠨ ᠬᠤᠶᠢᠲᠦ ᠣᠷᠣᠨ᠂ ᠪᠠᠷᠠᠭᠤᠨ ᠬᠤᠶᠢᠲᠦ ᠣᠷᠣᠨ ᠤ ᠪᠠᠷᠠᠭᠠᠨ ᠤ ᠭᠦᠢᠯᠭᠡᠭᠡᠨ ᠤ ᠰᠢᠭᠤᠳ ᠨᠡᠪᠲᠡᠷᠡᠬᠦ ᠵᠠᠮ ᠢ ᠨᠡᠪᠲᠡᠷᠡᠭᠦᠯᠬᠦ ᠬᠡᠷᠡᠭᠲᠡᠶ᠃ ᠤᠯᠤᠰ ᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠣᠨᠣᠪᠴᠢᠲᠠᠢ ᠡᠵᠡᠮᠳᠡᠵᠦ᠂ ᠵᠡᠭᠦᠨ ᠪᠠᠷᠠᠭᠤᠨ ᠣᠷᠣᠨ ᠤ ᠶᠡᠭᠡ ᠵᠠᠮ ᠤᠨ ᠲᠦᠷᠢᠮ ᠲᠣᠭᠲᠠᠭᠠᠯ ᠢ ᠲᠣᠭᠲᠠᠭᠠᠵᠤ᠂ ᠬᠥᠮᠥᠷᠭᠡ ᠳᠤ ᠣᠷᠣᠭᠤᠯᠵᠤ᠂ ᠡᠬᠢᠯᠡᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ ᠬᠥᠬᠡᠬᠤᠲᠠ ᠪᠤᠭᠤᠲᠤ ᠣᠷᠳᠣᠰ ᠤᠨ ᠨᠢᠭᠡ ᠴᠠᠭ ᠤᠨ ᠠᠵᠢᠯ ᠳᠤ ᠭᠠᠷᠬᠤ ᠬᠦᠷᠢᠶ᠎ᠡ᠂ ᠬᠢᠯᠢ ᠠᠯᠤᠰᠯᠠᠭᠰᠠᠨ ᠲᠡᠮᠦᠷ ᠵᠠᠮ ᠢ ᠬᠤᠯᠪᠣᠬᠤ ᠢᠨᠵᠧᠨᠧᠷᠢᠩ᠂ ᠪᠣᠭᠤᠮᠲᠠ ᠪᠠ ᠵᠠᠩᠭᠢᠯᠠᠭ᠎ᠠ ᠶᠢᠨ ᠬᠤᠲᠠ ᠶᠢᠨ ᠭᠠᠷᠠᠮ ᠳᠤ ᠰᠢᠭᠤᠳ ᠬᠦᠷᠬᠦ ᠢᠨᠵᠧᠨᠧᠷᠢᠩ ᠵᠡᠷᠭᠡ ᠶᠢ ᠰᠦᠪᠡᠭᠴᠢᠯᠡᠪᠡ᠃ ᠬᠤᠶᠠᠷ ᠲᠤ᠂ ᠣᠳᠣᠬᠢᠴᠢᠯᠠᠭᠰᠠᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ ᠪᠠᠷ ᠭᠠᠷᠳᠠᠴᠠ ᠪᠣᠯᠭᠠᠵᠤ᠂ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ ︽ᠬᠤᠤᠰ ᠡᠷᠢᠬᠦ︾ ᠪᠠᠷ ᠳᠠᠮᠵᠢᠭᠤᠯᠤᠨ᠂ ᠲᠤᠬᠠᠶᠢᠯᠠᠪᠠᠯ ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠳᠤ ᠥᠪᠡᠷ ᠤᠨ ᠥᠷᠲᠡᠭ ᠳᠣᠤᠷ᠎ᠠ᠂ ᠦᠷ᠎ᠡ ᠪᠦᠲᠦᠮᠵᠢ ᠥᠨᠳᠥᠷ᠂ ᠭᠠᠳᠠᠭᠰᠢᠯᠠᠭᠤᠯᠤᠯᠲᠠ ᠪᠠᠭ᠎ᠠ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠡᠷᠢᠵᠦ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠲᠣᠭᠲᠠᠭᠤᠨ᠂ ᠢᠲᠡᠭᠡᠯ ᠬᠦᠨᠳᠦ ᠪᠠᠷ ᠰᠠᠶᠢᠨ ᠪᠠᠷᠠᠭᠠᠨ ᠤ ᠢᠷᠡᠯᠲᠡ ᠶᠢᠨ ᠠᠵᠤ ᠠᠬᠤᠶᠢᠯᠠᠯ ᠢ ᠡᠷᠢᠵᠦ᠂ ᠠᠰᠢᠭ ᠲᠤᠰᠠ ᠶᠢᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ᠂ ᠥᠪᠡᠷ ᠤᠨ ᠥᠷᠲᠡᠭ ᠢ ᠵᠡᠷᠭᠡ ᠪᠠᠷ ᠪᠠᠭᠤᠷᠠᠭᠤᠯᠬᠤ ᠶᠢ ᠪᠡᠶᠡᠯᠡᠭᠦᠯᠦᠨ᠎ᠡ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠮᠥᠵᠢᠭᠦᠯᠬᠦ ᠪᠠᠷ ᠳᠠᠮᠵᠢᠭᠤᠯᠤᠨ᠂ ᠵᠢᠯᠣᠭᠤᠴᠢ ᠦᠭᠡᠢ᠂ ᠴᠢᠩᠭᠡᠯᠢᠭ ᠤᠨ ᠬᠡᠰᠡᠭᠴᠢᠯᠡᠭᠰᠡᠨ ᠲᠡᠭᠡᠭᠡᠪᠦᠷᠢ ᠶᠢ ᠬᠥᠭᠵᠢᠭᠦᠯᠵᠦ᠂ ︽ᠡᠬᠡ ᠬᠠᠭᠤᠷᠠᠶ ᠶᠢᠨ ᠭᠠᠷᠠᠮ + ᠴᠢᠩᠭᠡᠯᠢᠭ + ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ︾ ᠶᠢᠨ ᠲᠡᠭᠡᠭᠡᠪᠦᠷᠢ ᠶᠢᠨ ᠵᠠᠭᠪᠤᠷ ᠢ ᠳᠡᠯᠭᠡᠷᠡᠭᠦᠯᠦᠨ᠂ ᠵᠠᠮ ᠲᠡᠭᠡᠭᠡᠪᠦᠷᠢ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃  ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠱᠧᠩ ᠢᠯᠡᠷᠬᠡᠶᠢᠯᠡᠬᠦ ᠳᠡᠭᠡᠨ᠂ 2025 ᠣᠨ ᠳᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠲᠠᠲᠠᠪᠤᠷᠢᠯᠠᠵᠤ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ︽ᠭᠠᠶᠢᠯᠢ ᠶᠢᠨ ᠢᠷᠡᠯᠲᠡ ᠶᠢ ᠬᠠᠮᠢᠶᠠᠷᠬᠤ᠂ ᠭᠠᠶᠢᠯᠢ ᠶᠢᠨ ᠢᠷᠡᠯᠲᠡ ᠶᠢ ᠪᠤᠶᠢᠵᠢᠭᠤᠯᠬᠤ︾ ᠶᠢᠨ ᠰᠠᠶᠢᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢᠶᠠᠷ ᠵᠠᠮᠨᠠᠬᠤ ᠳᠤ ᠪᠠᠲᠤ ᠪᠠᠬᠢ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ ᠭᠡᠵᠡᠢ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ ᠶᠠᠪᠤᠭᠤᠯᠵᠤ᠂ ᠲᠥᠬᠦᠷ ᠠᠷᠭ᠎ᠠ ᠬᠡᠮᠵᠢᠶ᠎ᠡ ᠪᠣᠯᠤᠨ ᠲᠠᠲᠠᠪᠤᠷᠢᠯᠠᠨ ᠬᠠᠮᠢᠶᠠᠷᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ︽ᠠᠷᠠᠳ ᠲᠤ ᠲᠥᠬᠦᠮ ᠦᠵᠡᠭᠦᠯᠬᠦ ᠭᠠᠶᠢᠯᠢ ᠶᠢᠨ ᠶᠠᠪᠤᠳᠠᠯ ᠭᠦᠢᠴᠡᠳᠭᠡᠬᠦ ᠤᠷᠢᠬᠠᠨ ᠰᠠᠯᠬᠢᠨ ᠤ ᠠᠵᠢᠯᠯᠠᠭ᠎ᠠ︾ ᠶᠢᠨ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠠᠬᠢᠭᠤᠯᠵᠤ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠬᠦᠷᠭᠡᠪᠡ᠃ ᠠᠶᠤᠯ ᠲᠦᠭᠰᠢᠭᠦᠷᠢ ᠶᠢ ᠰᠡᠷᠭᠡᠶᠢᠯᠡᠬᠦ ᠳᠡᠭᠡᠷ᠎ᠡ ᠬᠦᠴᠦ ᠲᠠᠯᠪᠢᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠳᠡᠯᠦᠩᠭᠦᠶ ︽ᠢᠲᠡᠭᠡᠮᠵᠢ + ᠲᠦᠭᠰᠢᠭᠦᠷᠢ︾ ᠪᠠᠷ ᠰᠠᠭᠤᠷᠢ ᠪᠣᠯᠭᠠᠭᠰᠠᠨ ᠬᠢᠨᠠᠨ ᠬᠠᠮᠢᠶᠠᠷᠬᠤ ᠲᠣᠭᠲᠠᠴᠠ ᠶᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠶᠢ ᠰᠠᠬᠢᠵᠤ ᠡᠵᠡᠩᠨᠡᠵᠦ ᠪᠠᠶᠢᠭ᠎ᠠ ᠠᠵᠤ ᠠᠬᠤᠶᠢᠯᠠᠯ ᠳᠤ ᠬᠠᠷᠰᠢᠯᠠᠬᠤ ᠠᠴᠠ ᠵᠠᠶᠢᠯᠠᠰᠬᠢᠵᠦ᠂ ᠭᠠᠶᠢᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠠᠵᠤ ᠠᠬᠤᠶ ᠶᠢᠨ ᠠᠵᠢᠯᠯᠠᠭᠠᠨ ᠤ ᠡᠮᠬᠢ ᠳᠢᠭᠯᠢᠮ ᠪᠠ ᠤᠯᠤᠰ ᠤᠨ ᠭᠠᠶᠢᠯᠢ ᠲᠠᠲᠠᠪᠤᠷᠢ ᠶᠢᠨ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠰᠢᠨ᠎ᠡ ᠠᠬᠢᠴᠠ ᠲᠠᠢ ᠪᠣᠯᠪᠠ᠃ ︵ᠲᠠᠯ᠎ᠠ ᠨᠤᠲᠤᠭ ᠤᠨ ᠡᠭᠦᠯᠡ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠡᠾᠦ᠋ᠸᠧ ᠰᠢᠶᠤᠤ ᠴᠢᠩ᠂ ᠯᠢ ᠶᠦᠩ ᠲᠤᠤ᠂ ᠭᠤᠤ ᠾᠦᠢ︶ 
ᠢᠷᠡᠯᠲᠡ᠄ ᠥᠪᠥᠷ ᠮᠣᠩᠭᠤᠯ ᠤᠨ ᠰᠣᠨᠢᠨ ᠮᠡᠳᠡᠭᠡ ᠶᠢᠨ ᠰᠦᠯᠵᠢᠶ᠎ᠡ — ︽ᠥᠪᠥᠷ ᠮᠣᠩᠭᠤᠯ ᠤᠨ ᠡᠳᠦᠷ ᠤᠨ ᠰᠣᠨᠢᠨ︾