ᠥᠪᠥᠷ ᠮᠣᠩᠭᠤᠯ ᠤᠨ ᠨᠢᠭᠡ ᠬᠡᠷᠡᠭ ᠤᠨ ᠵᠢᠱᠢᠶ᠎ᠡ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/12/31
  ᠣᠶᠢᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠲᠠᠪᠤᠳᠤᠭᠠᠷ ᠪᠦᠯᠦᠭ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠨᠡᠶᠢᠲᠡᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠭᠰᠢ ᠬᠤᠲᠠ ᠶᠢᠨ ᠮᠢᠶᠠᠨ ᠳ᠋ᠦ᠋ ᠡᠾᠧ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠣᠨᠴᠠ ᠵᠦᠪᠰᠢᠶᠡᠷᠡᠭᠰᠡᠨ ᠡᠵᠡᠩᠨᠡᠯᠲᠡ ᠶᠢ ᠠᠬᠢᠭᠤᠯᠵᠤ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠦᠭᠰᠡᠨ ᠬᠡᠷᠡᠭ ᠤᠨ ᠵᠢᠱᠢᠶ᠎ᠡ︾ ᠳᠤ ᠠᠮᠵᠢᠯᠲᠠ ᠲᠠᠢ ᠰᠣᠩᠭᠤᠭᠳᠠᠪᠠ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠬᠦ ᠤᠯᠤᠰ ᠤᠨ ᠴᠢᠨᠠᠷᠲᠠᠢ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠦᠭᠰᠡᠨ ᠨᠡᠶᠢᠲᠡᠯᠢᠭ ᠬᠡᠷᠡᠭ ᠪᠣᠯᠤᠨ᠎ᠠ᠃  ᠶᠠᠭᠰᠢ ᠬᠤᠲᠠ ᠲᠣᠰ ᠭᠠᠵᠠᠷ ᠤᠨ ᠮᠥᠰᠥ ᠴᠠᠰᠤᠨ ᠤ ᠠᠭᠤᠷ ᠠᠮᠢᠰᠬᠤᠯ ᠤᠨ ᠳᠠᠪᠠᠭᠤᠯᠢᠭ ᠢᠶᠠᠨ ᠠᠰᠢᠭᠯᠠᠨ᠂ ᠮᠢᠶᠠᠨ ᠳ᠋ᠦ᠋ ᠡᠾᠧ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠨᠤᠭᠤ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠥᠬᠦ ᠠᠷᠠᠳ ᠤᠨ ᠪᠣᠶ ᠪᠥᠬᠦᠶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠨᠠᠶᠢᠳᠠᠵᠤ ᠣᠷᠣᠯᠠᠬᠤ ᠲᠣᠭᠲᠠᠴᠠ ᠶᠢ ᠢᠳᠡᠪᠬᠢᠲᠡᠶ ᠰᠦᠪᠡᠭᠴᠢᠯᠡᠵᠦ᠂ ︽ᠪᠥᠬᠦ ᠲᠠᠯ᠎ᠠ ᠪᠠᠷ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ᠂ ᠵᠦᠶ ᠵᠣᠬᠢᠰᠲᠠᠶ ᠠᠰᠢᠭᠯᠠᠬᠤ᠂ ᠦᠷᠭᠦᠯᠵᠢᠯᠡᠨ ᠬᠥᠭᠵᠢᠭᠦᠯᠬᠦ︾ ᠵᠠᠷᠴᠢᠮ ᠢ ᠵᠢᠷᠤᠮᠯᠠᠨ᠂ ᠲᠠᠩ ᠭᠠᠭᠴᠠ ᠬᠦᠴᠦᠨ ᠵᠦᠢᠯ᠂ ᠣᠯᠠᠨ ᠡᠷᠬᠡ ᠠᠰᠢᠭ᠂ ᠣᠯᠠᠨ ᠠᠷᠭ᠎ᠠ ᠮᠠᠶ᠋ᠢᠭ᠂ ᠠᠳᠠᠯᠢ ᠪᠤᠰᠤ ᠴᠠᠭ ᠤᠨ ᠳᠠᠷᠠᠭᠠᠯᠠᠯ ᠤᠨ ᠨᠡᠶᠢᠯᠡᠯ ᠡᠳ᠋ ᠬᠥᠷᠥᠩᠭᠡ ᠶᠢ ᠳᠣᠭᠢᠷᠠᠭᠤᠯᠬᠤ ᠰᠢᠨ᠎ᠡ ᠵᠠᠭᠪᠤᠷ ᠢ ᠰᠦᠪᠡᠭᠴᠢᠯᠡᠨ᠎ᠡ᠃ ᠣᠨᠴᠠ ᠵᠦᠪᠰᠢᠶᠡᠷᠡᠭᠰᠡᠨ ᠡᠵᠡᠩᠨᠡᠯᠳᠡ ᠪᠠᠷ ᠳᠡᠮᠵᠢᠭᠤᠯᠥᠨ᠂ ᠨᠤᠭᠤ ᠭᠠᠵᠡᠷ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠦᠨᠳᠣᠷ ᠦᠷ᠎ᠠ ᠪᠦᠳᠦᠮᠵᠢᠳᠡᠢ ᠪᠠᠷ ᠠᠰᠢᠠᠠᠯᠠᠨ᠂ ᠨᠤᠭᠤ ᠭᠠᠵᠡᠷ ᠤᠨ ᠪᠠᠶᠢᠭᠠᠯᠢ ᠶᠢᠨ ᠡᠬᠢ ᠪᠠᠶᠠᠯᠢᠭ ᠢ ᠴᠠᠭ ᠭᠡᠰᠡᠭ ᠬᠤᠪᠢᠶᠡᠨ ᠲᠣᠬᠢᠷᠡᠭᠤᠯᠥᠨ᠎ᠠ︔ ᠪᠦᠳᠦᠭᠡᠨ ᠪᠠᠶᠢᠭᠤᠯᠥᠯᠳᠡ ᠳᠤ ᠭᠡᠷᠡᠭᠯᠡᠬᠦ ᠭᠠᠵᠡᠷ ᠰᠢᠷᠦᠢ ᠶᠢ ᠰᠢᠯᠵᠢᠬᠦᠯᠥᠨ ᠬᠤᠳᠠᠯᠳᠣᠬᠤ ᠪᠠ ᠮᠦᠰᠦᠡ ᠭᠠᠳᠠᠷᠭᠤ ᠠᠴᠠ ᠳᠦᠷᠢᠶᠡᠰᠦᠯᠡᠬᠦ ᠶᠢ ᠬᠠᠷᠢᠯᠴᠠᠨ ᠣᠶᠠᠯᠳᠣᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠥᠨ᠂ ᠡᠪᠤᠯ ᠤᠨ ᠣᠯᠠᠷᠢᠯ ᠤᠨ ᠮᠠᠰᠢᠨ ᠳᠡᠷᠭᠡ ᠶᠢ ᠬᠡᠮᠵᠢᠨ ᠲᠣᠷᠰᠢᠬᠤ ᠠᠵᠦ ᠦᠢᠯᠡᠰ ᠢ ᠬᠦᠭᠵᠢᠬᠦᠯᠵᠦ᠂ ᠨᠤᠭᠤ ᠭᠠᠵᠡᠷ ᠤᠨ ᠡᠵᠡᠩᠨᠡᠯᠳᠡ ᠶᠢᠨ ᠦᠷ᠎ᠠ ᠠᠰᠢᠭ ᠢ ᠠᠭᠤᠳᠡᠯᠯᠠᠨ᠂ ︽ᠨᠣᠭᠤ ᠭᠠᠵᠡᠷ +︾ ᠮᠦᠰᠦ ᠴᠠᠰᠣ᠂ ᠬᠦᠳᠡᠯᠬᠡᠬᠡᠨ᠂ ᠵᠢᠭᠤᠯᠴᠢᠯᠠᠯ᠂ ᠳᠡᠵᠢᠭᠡᠨ ᠦᠷᠡᠵᠢᠬᠦᠯᠬᠦ ᠵᠡᠷᠭᠡ ᠰᠢᠨ᠎ᠡ ᠡᠵᠡᠩᠨᠡᠯᠳᠡ ᠶᠢᠨ ᠪᠠᠶᠢᠳᠡᠯ ᠢ ᠪᠤᠶᠢᠵᠢᠭᠤᠯᠥᠨ᠎ᠠ᠃ ᠡᠨᠡ ᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠨᠢ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠤᠭᠤ ᠭᠠᠵᠠᠷ ᠤᠨ ᠮᠥᠰᠥ ᠴᠠᠰᠤᠨ ᠤ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠪᠡᠶᠡᠯᠡᠭᠦᠯᠬᠦ ᠶᠢ ᠠᠬᠢᠭᠤᠯᠵᠤ᠂ ᠠᠮᠢ ᠠᠬᠤᠶ ᠶᠢᠨ ᠡᠬᠢ ᠪᠠᠶᠠᠯᠢᠭ ᠢ ᠠᠵᠤ ᠠᠬᠤᠶ ᠶᠢᠨ ᠥᠷᠲᠡᠭ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠪᠣᠬᠢᠷᠲᠤᠯ ᠥᠬᠡᠶ ᠬᠥᠭᠵᠢᠯᠲᠡ ᠶᠢᠨ ᠠᠷᠭ᠎ᠠ ᠵᠠᠮ ᠪᠣᠯᠭᠠᠨ ᠪᠦᠲᠦᠮᠵᠢᠲᠡᠶ ᠬᠤᠪᠢᠷᠠᠭᠤᠯᠬᠤ ᠶᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃  ᠶᠠᠭᠰᠢ ᠬᠤᠲᠠ ᠶᠢᠨ ᠮᠢᠶᠠᠨ ᠳ᠋ᠦ᠋ ᠡᠾᠧ ᠭᠤᠤᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠬᠡᠷᠡᠭ ᠤᠨ ᠵᠢᠱᠢᠶ᠎ᠡ ᠪᠣᠯ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ ᠬᠠᠮᠵᠢᠯᠴᠠᠨ ᠬᠥᠭᠵᠢᠭᠦᠯᠦᠭᠰᠡᠨ ᠨᠡᠶᠢᠲᠡᠯᠢᠭ ᠵᠢᠱᠢᠶ᠎ᠡ ᠮᠥᠨ᠂ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠪᠠ ᠠᠮᠢ ᠠᠬᠤᠶ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠬᠤ᠂ ᠠᠮᠢ ᠠᠬᠤᠶ ᠶᠢᠨ ᠪᠦᠲᠦᠭᠡᠭᠳᠡᠬᠦᠨ ᠤ ᠠᠵᠤ ᠦᠢᠯᠡᠰᠵᠢᠭᠰᠡᠨ ᠡᠵᠡᠩᠨᠡᠯᠲᠡ ᠶᠢ ᠨᠡᠭᠡᠭᠡᠨ ᠬᠥᠭᠵᠢᠭᠦᠯᠬᠦ ᠲᠣᠭᠲᠠᠴᠠ ᠶᠢ ᠪᠠᠶᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ᠂ ᠠᠵᠤ ᠦᠢᠯᠡᠰᠵᠢᠭᠰᠡᠨ ᠡᠵᠡᠩᠨᠡᠯᠲᠡ ᠶᠢ ᠠᠬᠢᠭᠤᠯᠬᠤ᠂ ᠠᠮᠢ ᠠᠬᠤᠶ ᠪᠠ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ