ᠥᠪᠥᠷ ᠮᠣᠩᠭᠤᠯ ᠤᠨ ᠱᠢ ᠳ᠋ᠠᠨ ᠳ᠋ᠡ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/12/31
  ︽ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠵᠠᠷᠯᠢᠭ 13 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠥᠪᠥᠷ ᠮᠣᠩᠭᠤᠯ ᠤᠨ ᠱᠢ ᠳ᠋ᠠᠨ ᠳ᠋ᠠ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠪᠠᠭᠠᠷᠢᠨ ᠵᠡᠭᠦᠨ ᠬᠤᠰᠢᠭᠤᠨ ᠤ ᠳ᠋ᠦᠩ ᠱᠠᠨ ᠸᠠᠨ ᠠᠭᠤᠷᠬᠠᠶ ᠶᠢᠨ ᠣᠷᠣᠨ ᠤ ᠵᠡᠭᠦᠨ᠂ ᠡᠮᠦᠨ᠎ᠡ ᠭᠠᠳᠠᠭᠤᠷᠬᠢ ᠮᠥᠩᠭᠦᠨ ᠸᠤᠯᠹᠷᠠᠮ ᠮᠤᠯᠢᠪᠳᠧᠨ ᠤ ᠣᠯᠠᠨ ᠲᠡᠮᠦᠷᠯᠢᠭ ᠤᠨ ᠠᠭᠤᠷᠬᠠᠶ ᠶᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃ ᠰᠤᠳᠤᠯᠬᠤ ᠪᠠᠷ ᠳᠡᠮᠵᠢᠨ᠂ ᠲᠣᠰ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠰᠢᠯᠵᠢᠭᠦᠯᠦᠨ ᠭᠠᠷᠭᠠᠭᠰᠠᠨ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠬᠠᠶᠢᠨ ᠪᠠᠶᠢᠴᠠᠭᠠᠵᠤ ᠨᠡᠭᠡᠭᠡᠨ ᠮᠠᠯᠲᠠᠭᠰᠠᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ ᠲᠣᠭᠲᠠᠭᠠᠪᠠ᠃  ᠣᠨᠴᠠᠭᠠᠶᠢᠯᠠᠨ ᠵᠠᠷᠯᠠᠨ ᠨᠡᠶᠢᠲᠡᠯᠡᠪᠡ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  2024 ᠣᠨ ᠤ 12 ᠳ᠋ᠤᠭᠠᠷ ᠰᠠᠷ᠎ᠠ ᠶᠢᠨ 31 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ