ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠎ᠡ – | ᠠᠮᠤ ᠪᠤᠳᠠᠭ᠎ᠠ ᠶᠢ ᠠᠷᠪᠢᠯᠠᠵᠤ᠂ ᠲᠤᠮᠳᠠᠳᠤ ᠤᠯᠤᠰ ᠤᠨ ᠬᠤᠭᠤᠯᠠ ᠬᠦᠨᠡᠰᠦ ᠶᠢ ᠲᠤᠭᠳᠠᠪᠤᠷᠢᠳᠠᠢ ᠪᠣᠯᠭᠠᠶ᠎ᠠ | ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠬᠤ ᠳᠤ ᠪᠠᠨ᠄ ︽ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠪᠣᠯ ᠳᠠᠷᠤᠶ ᠭᠠᠷᠤᠯᠲᠠ ᠪᠠᠨ | ᠨᠡᠮᠡᠭᠳᠡᠭᠦᠯᠬᠦ ᠣᠶᠢᠯᠠᠭᠠᠭᠳᠠᠬᠤᠨ ᠢ ᠪᠣᠶ ᠪᠣᠯᠭᠠᠵᠤ᠂ ᠪᠥᠬᠦ ᠬᠡᠯᠬᠢᠶ᠎ᠡ ᠪᠠᠷ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠵᠤ᠂ ᠪᠠᠶᠢᠩᠭᠤᠵᠢᠭᠰᠠᠨ᠂ | ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠭᠤᠭᠴᠤᠭ᠎ᠠ ᠨᠢᠭᠡᠪᠦᠷᠢ ᠳᠤ ᠴᠥᠮ ᠪᠣᠳᠠᠲᠠᠶ ᠭᠠᠷᠳᠠᠴᠠ ᠪᠠᠶᠢᠵᠤ᠂ | ᠬᠦᠨᠳᠦ ᠨᠣᠴᠢᠲᠠᠢ ᠪᠦᠷᠢᠯᠭᠡᠨ ᠰᠦᠢᠳᠬᠡᠬᠦ ᠵᠠᠩᠭᠢᠯᠠᠭ᠎ᠠ ᠶᠢ ᠬᠡᠳᠦᠢ ᠴᠢᠩᠭ᠎ᠠ ᠠᠳᠬᠤᠬᠤ ᠬᠡᠷᠡᠭᠲᠡᠢ︾ ᠭᠡᠵᠡᠶ᠃ | ᠠᠮᠤ ᠪᠤᠳᠠᠭ᠎ᠠ ᠶᠢ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠡᠨᠡ ᠬᠦ ︽ᠢᠯᠡ ᠪᠤᠰᠤ ᠰᠠᠶᠢᠨ ᠲᠠᠷᠢᠶ᠎ᠠ︾ ᠶᠢ ᠰᠠᠶᠢᠲᠤᠷ ᠲᠠᠷᠢᠬᠤ ᠨᠢ ᠳᠤᠮᠳᠠᠳᠤ | ᠤᠯᠤᠰ ᠤᠨ ᠪᠤᠳᠠᠭᠠᠨ ᠠᠶᠠᠭ᠎ᠠ ᠲᠠᠢ ᠬᠤᠯᠪᠣᠭᠳᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠮᠤ | ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠰᠠᠶᠢᠲᠤᠷ ᠠᠷᠪᠢᠯᠠᠨ ᠭᠠᠮᠨᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠲᠠᠯ᠎ᠠ ᠪᠠᠷ ᠢᠳᠡᠪᠬᠢᠲᠡᠢ | ᠦᠷ᠎ᠡ ᠪᠦᠲᠦᠮᠵᠢ ᠤᠯᠪᠠ᠃ | ᠡᠨᠡ ᠵᠢᠯ ᠤᠨ 11 ᠳ᠋ᠦ᠋ᠭᠡᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠮᠤ ᠪᠤᠳᠠᠭ᠎ᠠ ᠶᠢ ᠠᠷᠪᠢᠯᠠᠬᠤ ᠪᠠ ᠢᠳᠡᠭᠡᠨ ᠤ ᠪᠦᠷᠢᠯᠭᠡᠬᠦ ᠶᠢ ᠡᠰᠡᠷᠭᠦᠴᠡᠬᠦ | ᠠᠵᠢᠯᠯᠠᠭ᠎ᠠ ᠶᠢᠨ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠢ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠡᠳ᠋ᠰᠢᠭᠦᠯᠬᠦ ᠳᠤ᠂ ᠪᠦᠬᠦ ᠬᠡᠯᠬᠢᠶᠡᠰᠦ ᠶᠢᠨ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ | ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠤ᠂ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠷᠡᠰ ᠪᠠᠲᠤ ᠠᠵᠢᠯᠯᠠᠭ᠎ᠠ ᠪᠣᠯᠭᠠᠨ | ᠬᠤᠪᠢᠷᠠᠭᠤᠯᠪᠠ᠃ | ︽ᠢᠯᠡ ᠪᠤᠰᠤ ᠰᠠᠶᠢᠨ ᠲᠠᠷᠢᠶ᠎ᠠ︾ ᠶᠢ ᠲᠠᠷᠢᠵᠦ᠂ ᠪᠦᠬᠦ ᠬᠡᠯᠬᠢᠶ᠎ᠡ ᠪᠠᠷ ᠠᠮᠤ ᠪᠤᠳᠠᠭᠠᠨ ᠤ ᠬᠤᠬᠢᠷᠠᠯ ᠢ ᠪᠠᠭᠠᠰᠬᠠᠨ᠎ᠠ | ᠭᠠᠷᠤᠯᠲᠠ ᠪᠠᠨ ᠨᠡᠮᠡᠭᠳᠡᠭᠦᠯᠬᠦ ᠳᠤ ᠡᠷᠬᠡᠪᠰᠢ ᠭᠠᠮᠨᠠᠨ ᠠᠷᠪᠢᠯᠠᠬᠤ᠂ ᠠᠷᠪᠢᠯᠠᠨ ᠭᠠᠮᠨᠠᠬᠤ ᠪᠣᠯ ᠳᠠᠷᠤᠢ ᠭᠠᠷᠤᠯᠲᠠ ᠪᠠᠨ ᠨᠡᠮᠡᠭᠳᠡᠭᠦᠯᠬᠦ ᠶᠠᠪᠤᠳᠠᠯ ᠮᠥᠨ᠃ ︽ | ᠲᠥᠰᠦᠯ︾ ᠳᠤ ᠳᠤᠷᠠᠳᠤᠭᠰᠠᠨ ᠨᠢ᠂ 2027 ᠣᠨ ᠤ ᠡᠴᠦᠰ ᠪᠣᠯᠬᠤ ᠳᠤ᠂ ᠠᠮᠤ ᠪᠤᠳᠠᠭ᠎ᠠ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ | ᠡᠳ᠋ᠰᠢᠭᠦᠯᠬᠦ ᠶᠢᠨ ᠬᠤᠬᠢᠷᠠᠯ ᠤᠨ ᠨᠣᠷᠮ᠎ᠠ ᠶᠢ ᠣᠯᠠᠨ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠷᠣᠭᠰᠢ ᠬᠢᠵᠠᠭᠠᠷᠯᠠᠨ᠎ᠠ᠃ ᠮᠠᠨ ᠤ ᠤᠯᠤᠰ ᠪᠣᠯ ᠳᠡᠯᠡᠬᠡᠶ | ᠳᠡᠭᠡᠷᠡᠬᠢ ᠬᠠᠮᠤᠭ ᠤᠨ ᠲᠣᠮᠣ ᠠᠮᠤ ᠪᠤᠳᠠᠭᠠᠨ ᠤ ᠦᠢᠯᠡᠳᠪᠦᠷᠢᠯᠡᠬᠦ ᠤᠯᠤᠰ ᠪᠠ ᠬᠡᠷᠡᠭᠯᠡᠭᠡ ᠶᠢᠨ ᠤᠯᠤᠰ ᠮᠥᠨ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ | ᠪᠠᠭᠠᠰᠬᠠᠬᠤ ᠪᠥᠬᠦ ᠬᠡᠯᠬᠢᠶ᠎ᠡ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠪᠤᠭᠤᠳᠠᠢ ᠶᠢᠨ ᠴᠢᠬᠢ ᠬᠥᠷᠥᠰᠥ ᠶᠢ ᠬᠠᠭᠠᠯᠵᠤ ᠲᠠᠷᠢᠶ᠎ᠠ ᠶᠢ ᠨᠤᠭᠤᠭᠠᠷᠠᠭᠤᠯᠤᠨ᠎ᠠ᠃ ᠶᠠᠭᠠᠷᠠᠯᠲᠠᠶ ᠡᠪᠦᠯ ᠤᠨ ᠲᠠᠷᠢᠶᠠᠯᠠᠭ᠎ᠠ ᠳᠤ᠂ ᠱᠠᠨᠳᠦ᠋ᠩ ᠤᠨ ᠫᠢᠩ | ᠳ᠋ᠦ᠋ ᠬᠤᠲᠠ ᠶᠢᠨ ᠮᠢᠩ ᠼᠦᠨ ᠲᠣᠰᠬᠤᠨ ᠤ ᠠᠮᠤ ᠪᠤᠳᠠᠭ᠎ᠠ ᠳᠠᠷᠢᠬᠤ ᠲᠣᠮᠣ ᠡᠷᠦᠬᠡ ᠮᠦ ᠯᠦ ᠯᠦ ᠪᠠᠶᠢᠨ ᠪᠠᠶᠢᠨ ᠴᠢᠬᠢ ᠶᠢᠨ ᠪᠠᠶᠢᠳᠠᠯ ᠢ ᠪᠠᠶᠢᠴᠠᠭᠠᠨ | ᠦᠵᠡᠵᠦ᠂ ︽ᠮᠣᠷᠢᠨ ᠬᠦᠴᠦᠨ ᠤ ᠲᠣᠮᠣ ᠲᠷᠠᠺᠲ᠋ᠣᠷ ᠲᠤ ᠨᠠᠷᠢᠯᠢᠭ ᠬᠡᠮᠵᠢᠶᠡᠨ ᠤ ᠦᠷ᠎ᠡ ᠰᠠᠴᠤᠬᠤ ᠮᠠᠰᠢᠨ ᠡᠯᠭᠦᠭᠡᠳ᠂ ᠳᠣᠬᠢᠭᠤᠷ ᠳᠣᠯᠣᠭᠠᠨ ᠤᠳᠤ | ᠰᠢᠰᠲ᠋ᠧᠮ ᠤᠨ ᠬᠢᠨ ︿ᠵᠠᠮ ᠵᠢᠭᠠᠵᠤ﹀᠂ ᠳᠠᠷᠢᠬᠤ ᠲᠤᠭ᠎ᠠ ᠬᠡᠮᠵᠢᠶ᠎ᠡ᠂ ᠭᠦᠨᠴᠡ᠂ ᠶᠠᠪᠤᠬᠤ ᠵᠠᠢ ᠶᠢ ᠨᠠᠷᠢᠯᠢᠭ ᠣᠨᠣᠴᠠᠲᠠᠢ ᠪᠠᠷ ᠡᠵᠡᠮᠳᠡᠵᠦ᠂ ᠪᠤᠭᠤᠳᠠᠢ ᠶᠢᠨ | ᠦᠷ᠎ᠡ ᠶᠢ 20% ᠪᠠᠷ ᠠᠷᠪᠢᠯᠠᠵᠤ ᠴᠢᠳᠠᠨ᠎ᠠ︾ ᠭᠡᠪᠡ᠃ | ᠲᠠᠷᠢᠶᠠᠯᠠᠩ ᠤᠨ ᠮᠠᠰᠢᠨ ᠤ ᠪᠤᠤᠬᠢᠶ᠎ᠠ ᠳᠠᠮᠵᠢᠭᠤᠯᠭ᠎ᠠ᠂ ᠲᠠᠷᠢᠶᠠᠯᠠᠭ᠎ᠠ ᠶᠢᠨ ᠪᠦᠬᠦ ᠶᠠᠪᠤᠴᠠ ᠳᠤ ᠠᠮᠤ ᠪᠤᠳᠠᠭ᠎ᠠ ᠶᠢ ᠠᠷᠪᠢᠯᠠᠨ᠎ᠠ᠃ ︽ᠬᠠᠳᠤᠵᠤ | ᠬᠤᠷᠢᠶᠠᠬᠤ ᠲᠣᠮᠣ ᠬᠡᠯᠪᠡᠷᠢ ᠶᠢᠨ ᠬᠠᠮ ᠮᠠᠰᠢᠨ ᠢᠶᠠᠷ ᠬᠤᠷᠢᠶᠠᠵᠤ᠂ ᠠᠮᠤ ᠪᠤᠳᠠᠭ᠎ᠠ ᠭᠦᠶᠦᠬᠦ᠂ ᠦᠷ᠎ᠡ ᠭᠤᠭᠤᠵᠢᠬᠤ ᠨᠢ ᠴᠥᠭᠡᠨ ᠪᠠᠶᠢᠳᠠᠭ︔ ᠲᠠᠲᠠᠭᠠᠯ ᠢᠶᠠᠷ | ᠲᠠᠷᠢᠵᠤ ᠪᠠᠶᠢᠭᠠᠳ ᠤᠰᠤ ᠪᠤᠷᠳᠤᠭᠤᠷ ᠢ ᠨᠢᠭᠡ ᠴᠣᠭᠴᠠᠵᠢᠭᠤᠯᠵᠤ᠂ ᠳᠠᠯᠠᠩ ᠢ ᠪᠠᠭᠠᠰᠬᠠᠨ ᠭᠠᠵᠠᠷ ᠨᠡᠮᠡᠭᠳᠡᠭᠦᠯᠵᠦ᠂ ᠪᠤᠷᠳᠤᠭᠤᠷ ᠢ ᠠᠷᠪᠢᠯᠠᠵᠤ ᠤᠰᠤ | ᠠᠷᠪᠢᠯᠠᠨ᠎ᠠ︾᠃ ᠮᠦ ᠯᠦ ᠯᠦ ᠨᠢᠭᠡ ᠨᠢᠭᠡ ᠪᠠᠷ ᠨᠠᠷᠢᠨ ᠲᠤᠭ᠎ᠠ ᠭᠠᠷᠭᠠᠵᠤ᠂ ︽ᠡᠨᠡ ᠵᠢᠯ ᠤᠨ ᠵᠤᠨ ᠤ ᠬᠤᠷᠢᠶᠠᠯᠲᠠ ᠳᠤ ᠨᠠᠮᠤᠷ ᠤᠨ ᠬᠤᠷᠢᠶᠠᠯᠲᠠ ᠨᠡᠮᠡᠵᠦ᠂ | ᠮᠦ ᠪᠦᠷᠢ ᠠᠴᠠ ᠨᠢᠭᠡ ᠲᠣᠨ ᠬᠠᠭᠠᠰ ᠠᠮᠤ ᠪᠤᠳᠠᠭ᠎ᠠ ᠬᠤᠷᠢᠶᠠᠵᠤ᠂ ᠥᠪᠡᠷ ᠤᠨ ᠦᠷᠳᠡᠭ ᠢ 15% ᠪᠠᠷ ᠠᠷᠪᠢᠯᠠᠪᠠ︾ ᠭᠡᠵᠦ ᠬᠡᠯᠡᠪᠡ᠃ | ᠲᠠᠷᠢᠶᠠᠨ ᠭᠠᠵᠠᠷ ᠪᠣᠯ ᠠᠮᠤ ᠪᠤᠳᠠᠭ᠎ᠠ ᠶᠢ ᠠᠷᠪᠢᠯᠠᠨ ᠬᠤᠬᠢᠷᠠᠭᠤᠯᠬᠤ ᠶᠢ ᠪᠠᠭᠠᠰᠬᠠᠬᠤ ᠨᠢᠭᠡᠳᠦᠭᠡᠷ ᠪᠣᠭᠤᠮᠲᠠ ᠪᠣᠯᠤᠨ᠎ᠠ᠃ ︽ᠪᠢᠳᠡ ᠪᠥᠬᠦ ᠶᠠᠪᠤᠴᠠ ᠶᠢ | ᠮᠧᠬᠠᠨᠢᠭᠵᠢᠭᠤᠯᠤᠨ ᠠᠵᠢᠯᠯᠠᠭᠤᠯᠬᠤ ᠶᠢ ᠳᠡᠯᠭᠡᠷᠡᠭᠦᠯᠵᠦ᠂ ᠲᠠᠷᠢᠶᠠᠯᠠᠩ ᠤᠨ ᠮᠠᠰᠢᠨ ᠤ ᠠᠵᠢᠯᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ | ᠪᠠᠶᠢᠭᠤᠯᠵᠤ᠂ ᠬᠤᠬᠢᠷᠠᠯ ᠢ ᠪᠥᠬᠦ ᠬᠦᠴᠦᠨ ᠢᠶᠠᠷ ᠢᠶᠠᠨ ᠪᠠᠭᠠᠰᠬᠠᠪᠠ︾᠃ ᠫᠢᠩ ᠳ᠋ᠦ᠋ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ | ᠲᠠᠷᠢᠶᠠᠯᠠᠩ ᠤᠨ ᠮᠠᠰᠢᠨ ᠲᠣᠨᠣᠭᠯᠠᠯ ᠤᠨ ᠰᠠᠯᠠᠭᠠᠨ ᠤ ᠬᠠᠷᠢᠭᠤᠴᠠᠯᠭᠠᠲᠠᠨ ᠯᠢ ᠵᠠᠨ ᠯᠢᠶᠠᠩ ᠲᠠᠨᠢᠯᠴᠠᠭᠤᠯᠬᠤ ᠳᠠᠭᠠᠨ᠂ ︽ᠵᠠᠯᠭᠠᠭᠠᠳ ᠪᠠᠰᠠ ᠨᠠᠷᠢᠯᠢᠭ ᠳᠠᠷᠢᠬᠤ | ᠮᠠᠰᠢᠨ ᠮᠧᠬᠠᠨᠢᠭ ᠪᠠ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠤ ᠪᠤᠳᠠᠭᠠᠨ ᠤ ᠨᠠᠷᠢᠯᠢᠭ ᠬᠤᠷᠢᠶᠠᠯᠲᠠ ᠶᠢ | ᠳᠥᠯᠭᠢᠨ ᠠᠬᠢᠭᠤᠯᠤᠨ᠎ᠠ︾ ᠭᠡᠵᠡᠶ᠃ | ᠳᠠᠷᠢᠬᠤ ᠠᠴᠠ ᠬᠤᠷᠢᠶᠠᠬᠤ ᠬᠦᠷᠲᠡᠯ᠎ᠡ᠂ ᠡᠬᠢ ᠡᠭᠦᠰᠦᠯ ᠠᠴᠠ ᠨᠢ ᠠᠮᠤ ᠪᠤᠳᠠᠭ᠎ᠠ ᠠᠷᠪᠢᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠮᠡᠷᠭᠡᠵᠢᠯ᠂ ᠲᠥᠷᠥᠯ ᠵᠦᠢᠯ ᠢ ᠲᠥᠪᠯᠡᠷᠡᠭᠦᠯᠦᠨ ᠢᠵᠢ ᠪᠦᠷᠢᠳᠦᠭᠦᠯᠬᠦ ᠶᠢ ᠴᠢᠩᠭᠠᠷᠠᠭᠤᠯᠵᠤ᠂ ᠠᠮᠤ | ᠪᠤᠳᠠᠭᠠᠨ ᠤ ᠮᠠᠰᠢᠨ ᠤ ᠬᠤᠷᠢᠶᠠᠯᠲᠠ ᠬᠠᠰᠤᠭᠳᠠᠯ ᠢ ᠴᠢᠩᠭᠠᠳᠬᠠᠨ᠎ᠠ᠃ ᠣᠳᠣᠬᠠᠨ ᠳᠤ᠂ ᠪᠥᠬᠦ ᠤᠯᠤᠰ ᠤᠨ ᠲᠠᠷᠢᠮᠠᠯ ᠤᠨ ᠳᠠᠷᠢᠵᠤ ᠬᠤᠷᠢᠶᠠᠬᠤ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 74.3% ᠳᠤ ᠬᠥᠷᠪᠡ︔ 2023 ᠣᠨ ᠳᠤ ᠪᠥᠬᠦ ᠤᠯᠤᠰ ᠤᠨ ᠪᠤᠭᠤᠳᠠᠢ᠂ ᠤᠰᠤᠨ ᠲᠤᠲᠤᠷᠭ᠎ᠠ᠂ | ᠡᠷᠳᠡᠨᠢ ᠰᠢᠰᠢ ᠶᠢᠨ ᠳᠤᠮᠳᠠᠴᠢ ᠮᠠᠰᠢᠨ ᠢᠶᠠᠷ ᠬᠤᠷᠢᠶᠠᠬᠤ ᠬᠤᠬᠢᠷᠠᠯ ᠤᠨ ᠨᠣᠷᠮ᠎ᠠ ᠲᠣᠰ ᠲᠣᠰ 1%᠂ 2%᠂ 2.2% ᠪᠣᠯᠪᠠ᠃ | ᠲᠠᠷᠢᠶᠠᠨ ᠭᠠᠵᠠᠷ ᠠᠴᠠ ᠬᠥᠮᠥᠷᠭᠡ ᠬᠦᠷᠲᠡᠯ᠎ᠡ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠶᠢ ᠬᠠᠮᠢᠶᠠᠷᠤᠨ᠎ᠠ᠃ ︽ᠰᠢᠨ᠎ᠡ ᠠᠮᠤ ᠪᠤᠳᠠᠭ᠎ᠠ ᠶᠢ ᠲᠠᠷᠢᠶᠠᠨ | ᠭᠠᠵᠠᠷ ᠠᠴᠠ ᠰᠢᠭᠤᠳ ᠬᠠᠳᠠᠭᠠᠬᠤ ᠰᠤᠪᠤᠷᠭ᠎ᠠ ᠬᠦᠷᠲᠡᠯ᠎ᠡ᠂ ᠢᠯᠵᠢᠷᠡᠬᠦ ᠶᠢ ᠰᠡᠷᠭᠡᠶᠢᠯᠡᠵᠦ᠂ ᠰᠦᠢᠳᠦᠯ ᠨᠢ ᠪᠠᠭ᠎ᠠ᠂ ᠶᠠᠰᠤ ᠴᠢᠨᠠᠷ ᠨᠢ ᠴᠤ ᠳᠠᠭᠠᠯᠳᠤᠨ | ᠳᠡᠭᠡᠭᠰᠢᠯᠡᠵᠦ︾ ᠪᠠᠶᠢᠪᠠ᠃ ᠴᠦᠩᠴᠢᠩ ᠤᠨ ᠳ᠋ᠢᠶᠧ ᠵᠢᠶᠠᠩ ᠰᠢᠶᠠᠨ ᠤ ᠫᠦ᠋ ᠱᠦᠨ ᠪᠠᠯᠭᠠᠰᠤᠨ ᠤ ᠬᠤᠩ ᠶᠠᠨ ᠲᠤᠰᠬᠤᠨ ᠤ ᠠᠮᠤ ᠪᠤᠳᠠᠭ᠎ᠠ ᠲᠠᠷᠢᠬᠤ ᠲᠣᠮᠣ | ᠡᠷᠦᠬᠡ ᠯᠸᠢ ᠵᠦᠩ ᠹᠠᠩ ᠬᠡᠯᠡᠬᠦ ᠳᠤ ᠪᠠᠨ ︽ᠬᠠᠲᠠᠭᠠᠭᠰᠠᠨ ᠤ ᠳᠠᠷᠠᠭᠠᠬᠢ ᠠᠮᠤ ᠪᠤᠳᠠᠭ᠎ᠠ ᠶᠢ ᠵᠢᠩ ᠳᠡᠭᠡᠨ 10 ᠮᠥᠩᠭᠦ ᠪᠠᠷ ᠢᠯᠡᠭᠦᠦ ᠬᠤᠳᠠᠯᠳᠤᠨ᠎ᠠ︾᠃ | ᠬᠠᠳᠠᠭᠠᠬᠤ ᠴᠠᠮᠬᠠᠭ᠂ ᠲᠤᠭᠲᠠᠮᠠᠯ ᠲᠤᠯᠠᠭᠠᠨ ᠤ ᠭᠡᠷ᠂ ᠠᠮᠤ ᠪᠤᠳᠠᠭ᠎ᠠ ᠵᠦᠬᠡᠬᠡᠪᠦᠷᠢᠯᠡᠬᠦ ᠲᠤᠰᠬᠠᠢ ᠱᠤᠭᠤᠮ᠂ ᠲᠤᠰᠬᠠᠢ ᠬᠡᠷᠡᠭᠯᠡᠭᠡᠨ ᠤ ᠭᠠᠷᠠᠮ ᠵᠡᠷᠭᠡ | ᠲᠦᠬᠦᠭᠡᠷᠦᠮᠵᠢ ᠠᠯᠬᠤᠮ ᠠᠯᠬᠤᠮ ᠢᠶᠠᠷ ᠳᠡᠭᠦᠯᠳᠡᠷᠵᠢᠪᠡ᠃ ᠣᠳᠣᠬᠠᠨ ᠳᠤ ᠪᠦᠬᠦ ᠤᠯᠤᠰ ᠲᠤ ᠨᠢᠭᠡᠨᠲᠡ 5500 ᠭᠠᠷᠤᠶ ᠲᠤᠰᠬᠠᠶᠢᠵᠢᠭᠰᠠᠨ ᠠᠮᠤ | ᠪᠤᠳᠠᠭᠠᠨ ᠤ ᠬᠤᠷᠢᠶᠠᠯᠲᠠ ᠶᠢᠨ ᠳᠠᠷᠠᠭᠠᠬᠢ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠠᠷᠢᠶᠠᠴᠢᠨ ᠡᠷᠦᠬᠡ ᠳᠤ ᠬᠠᠲᠠᠭᠠᠬᠤ᠂ ᠴᠡᠪᠡᠷᠯᠡᠬᠦ ᠦᠢᠯᠡᠴᠢᠯᠡᠭᠡ | ᠬᠠᠩᠭᠠᠪᠠ︔ ᠮᠠᠨ ᠤ ᠤᠯᠤᠰ ᠤᠨ ᠠᠮᠤ ᠪᠤᠳᠠᠭᠠᠨ ᠤ ᠬᠥᠮᠥᠷᠭᠡ ᠶᠢᠨ ᠠᠮᠤ ᠪᠤᠳᠠᠭᠠᠨ ᠤ ᠬᠤᠬᠢᠷᠠᠯ ᠢ ᠦᠨᠳᠦᠰᠦᠨ ᠳᠡᠭᠡᠨ ᠠᠷᠢᠯᠭᠠᠵᠤ᠂ ᠠᠮᠤ ᠪᠤᠳᠠᠭ᠎ᠠ | ᠬᠠᠳᠠᠭᠠᠯᠠᠬᠤ ᠦᠶᠡᠯᠡᠯ ᠤᠨ ᠬᠤᠭᠤᠴᠠᠭᠠᠨ ᠤ ᠳᠣᠲᠣᠷᠠᠬᠢ ᠶᠡᠷᠦᠩᠬᠡᠶᠢᠯᠡᠭᠰᠡᠨ ᠬᠤᠷᠣᠭᠳᠠᠯ ᠤᠨ ᠨᠤᠷᠮ᠎ᠠ ᠶᠢ 1% ᠶᠢᠨ ᠳᠣᠲᠣᠷ᠎ᠠ ᠬᠢᠵᠠᠭᠠᠷᠯᠠᠪᠠ᠃ | ᠦᠢᠯᠡᠳᠪᠦᠷᠢ ᠶᠢᠨ ᠲᠠᠰᠤᠭ ᠠᠴᠠ ᠬᠤᠭᠤᠯᠠᠨ ᠰᠢᠷᠡᠭᠡ ᠬᠦᠷᠲᠡᠯ᠎ᠡ᠂ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠬᠡᠷᠡᠭᠯᠡᠨ᠎ᠡ᠃ ᠳᠣᠣᠷ᠎ᠠ | ᠬᠤᠷᠳᠤᠴᠠ ᠪᠠᠷ ᠲᠡᠭᠡᠷᠮ᠎ᠡ᠂ ᠳᠣᠣᠷ᠎ᠠ ᠳᠤᠯᠠᠭᠠᠨ ᠢᠶᠠᠷ ᠡᠳ᠋ᠰᠢᠭᠦᠯᠵᠦ᠂ ᠦᠢᠯᠡᠳᠪᠦᠷᠢᠯᠡᠯ ᠤᠨ ᠱᠤᠭᠤᠮ ᠳᠡᠭᠡᠷ᠎ᠡ ᠨᠢᠭᠡ ᠮᠥᠬᠦᠯᠢᠭᠲᠦ ᠪᠤᠭᠤᠳᠠᠢ ᠭᠤᠯᠢᠷ ᠵᠡᠷᠭᠡ | ᠦᠢᠯᠡᠳᠬᠦᠨ ᠪᠣᠯᠪᠠ᠃ ︽ᠪᠣᠯᠪᠠᠰᠤᠷᠠᠭᠤᠯᠬᠤ ᠰᠢᠨ᠎ᠡ ᠶᠢ ᠡᠭᠦᠳᠴᠦ᠂ ᠪᠣᠭᠤᠳᠠᠶ ᠶᠢᠨ ᠨᠤᠨᠲᠠᠭ ᠤᠨ ᠨᠣᠷᠮ᠎ᠠ ᠶᠢ 90% ᠪᠣᠯᠲᠠᠯ᠎ᠠ ᠳᠡᠭᠡᠭᠰᠢᠯᠡᠭᠦᠯᠵᠦ᠂ ᠨᠠᠩ | ᠣᠯᠠᠨ ᠰᠢᠮ᠎ᠡ ᠲᠡᠵᠢᠭᠡᠯ ᠤᠨ ᠪᠣᠳᠠᠰ ᠢ ᠦᠯᠡᠳᠡᠭᠡᠨ᠎ᠡ︾᠃ ᠬᠤᠪᠧᠢ ᠶᠢᠨ ᠰᠢᠶᠠᠩ ᠶᠠᠩ ᠭᠦᠸᠧ ᠣᠪᠣᠭᠲᠤ ᠶᠢᠨ ᠹᠦ᠋ ᠹᠧᠩ ᠠᠮᠤ ᠲᠣᠰᠣᠨ ᠤ ᠰᠢᠨᠵᠢᠯᠡᠭᠡ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠦᠨ ᠢ ᠲᠠᠨᠢᠯᠴᠠᠭᠤᠯᠵᠠᠢ᠃ ᠣᠳᠣᠬᠠᠨ ᠤ ᠬᠡᠰᠡᠭ ᠠᠮᠤ ᠪᠤᠳᠠᠭᠠᠨ ᠤ ᠪᠦᠲᠦᠭᠡᠭᠳᠡᠬᠦᠨ ᠢ | ᠬᠡᠲᠦ ᠡᠳ᠋ᠰᠢᠭᠦᠯᠬᠦ᠂ ᠦᠢᠯᠡᠳᠭᠦᠨ ᠤ ᠭᠠᠷᠭᠠᠬᠤ ᠨᠣᠷᠮ᠎ᠠ ᠨᠡᠯᠢᠶᠡᠳ ᠳᠣᠤᠷ᠎ᠠ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠠᠮᠤ ᠲᠣᠰᠣ ᠶᠢ ᠵᠣᠬᠢᠰᠲᠠᠶ ᠪᠣᠯᠪᠠᠰᠤᠷᠠᠭᠤᠯᠬᠤ ᠰᠢᠨ᠎ᠡ ᠤᠷ᠎ᠠ ᠮᠡᠷᠭᠡᠰᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠪᠠᠨ | ᠴᠢᠩᠭᠠᠳᠬᠠᠵᠤ᠂ ᠠᠮᠤ ᠲᠣᠰᠣ ᠪᠣᠯᠪᠠᠰᠤᠷᠠᠭᠤᠯᠬᠤ ᠳᠠᠭᠠᠯᠲᠠ ᠦᠢᠯᠡᠳᠭᠦᠨ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠠᠮᠤ ᠪᠤᠳᠠᠭ᠎ᠠ | ᠪᠣᠯᠪᠠᠰᠤᠷᠠᠭᠤᠯᠬᠤ ᠬᠤᠬᠢᠷᠠᠯ ᠢ ᠪᠠᠭᠠᠰᠬᠠᠨ᠂ ᠠᠮᠤ ᠪᠤᠳᠠᠭᠠᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠬᠦᠴᠦᠨ ᠵᠦᠢᠯ ᠤᠨ ᠣᠷᠣᠭᠤᠯᠤᠯᠲᠠ ᠶᠢ ᠰᠢᠯᠢᠳᠡᠭᠵᠢᠭᠦᠯᠵᠦ᠂ ᠠᠮᠤ ᠪᠤᠳᠠᠭ᠎ᠠ ᠶᠢ ᠠᠷᠪᠢᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠦᠷᠢᠨᠰᠢᠭᠦᠯᠦᠨ᠎ᠡ | ᠠᠮᠤ ᠪᠤᠳᠠᠭ᠎ᠠ ᠶᠢ ᠠᠷᠪᠢᠯᠠᠬᠤ ᠳᠤ᠂ ᠡᠯᠧᠮᠧᠨ᠋ᠲ ᠤᠨ ᠪᠠᠲᠤᠯᠠᠭ᠎ᠠ ᠠᠴᠠ ᠰᠠᠯᠵᠤ ᠴᠢᠳᠠᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠶᠢ ᠪᠠᠷᠢᠮᠲᠠᠯᠠᠵᠤ᠂ ᠠᠮᠤ ᠪᠤᠳᠠᠭ᠎ᠠ ᠶᠢ | ᠠᠷᠪᠢᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ | ᠲᠠᠷᠢᠶᠠᠨ ᠤ ᠬᠤᠭᠤᠷᠣᠨᠳᠣᠬᠢ ᠵᠠᠮ ᠰᠦᠯᠵᠢᠯᠳᠦᠵᠦ ᠂ ᠡᠪᠦᠯ ᠤᠨ ᠪᠤᠭᠤᠳᠠᠢ ᠶᠢᠨ ᠴᠢᠬᠢ ᠶᠢ ᠲᠡᠭᠰᠢᠬᠡᠨ ᠭᠠᠷᠭᠠᠨ᠎ᠠ᠃ ︽ᠲᠠᠷᠢᠶᠠᠨ ᠭᠠᠵᠠᠷ ᠥᠷᠭᠡᠨ | ᠪᠣᠯᠵᠠᠢ᠂ ᠲᠠᠷᠢᠶᠠᠨ ᠭᠠᠵᠠᠷ ᠢ ᠲᠡᠭᠰᠢᠯᠡᠵᠦ᠂ ᠲᠣᠮᠣ ᠲᠠᠷᠢᠶᠠᠯᠠᠩ ᠤᠨ ᠮᠠᠰᠢᠨ ᠢ ᠣᠷᠣᠭᠤᠯᠪᠠ᠂ ᠲᠠᠷᠢᠵᠤ ᠬᠠᠳᠤᠵᠤ ᠬᠤᠷᠢᠶᠠᠬᠤ ᠦᠷ᠎ᠡ ᠪᠦᠲᠦᠮᠵᠢ ᠥᠨᠳᠥᠷ᠂ | ᠬᠤᠬᠢᠷᠠᠯ ᠪᠠᠭ᠎ᠠ︾ ᠭᠡᠵᠦ ᠡᠾᠧᠪᠸᠢ ᠮᠤᠵᠢ ᠶᠢᠨ ᠴᠧᠩ ᠰᠢᠶᠠᠨ ᠤ ᠵᠦᠩ ᠠᠢ ᠱᠤ᠋ ᠲᠤᠰᠬᠤᠨ ᠤ ᠵᠤᠤ ᠱᠢ ᠯᠸᠢ ᠬᠡᠯᠡᠪᠡ᠃ | ᠨᠢᠭᠡ ᠵᠤᠷᠪᠤᠰ ︽ᠳᠥᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ︾ ᠢ ᠠᠭᠤᠵᠢᠭᠤ ᠲᠠᠯᠪᠢᠵᠤ᠂ ᠠᠮᠤ ᠪᠤᠳᠠᠭ᠎ᠠ ᠵᠥᠭᠡᠭᠡᠪᠦᠷᠢᠯᠡᠬᠦ ᠳᠤ ᠨᠠᠩ | ᠳᠥᠭᠦᠮ ᠳᠥᠲᠡ ᠪᠣᠯᠭᠠᠪᠠ᠃ ᠵᠦᠩ ᠠᠢ ᠱᠤ᠋ ᠲᠣᠰᠬᠤᠨ ᠤ ᠨᠠᠮ ᠤᠨ ᠡᠭᠦᠷ ᠤᠨ ᠱᠦᠵᠢ ᠴᠧᠨ ᠹᠧᠩ ᠯᠸᠢ᠄ ︽ᠥᠩᠭᠡᠷᠡᠭᠰᠡᠨ ᠳᠤ ᠵᠥᠷᠢᠭ ᠵᠠᠮ ᠨᠢ | ᠡᠩᠬᠦᠯ ᠳᠤᠩᠬᠤᠯ ᠪᠠᠶᠢᠵᠤ᠂ ᠵᠢᠵᠢᠭ ᠬᠡᠯᠪᠡᠷᠢ ᠶᠢᠨ ᠲᠠᠷᠢᠶᠠᠯᠠᠩ ᠤᠨ ᠮᠠᠰᠢᠨ ᠲᠡᠷᠭᠡ ᠪᠠᠷ ᠨᠢᠭᠡ ᠤᠳᠠᠭ᠎ᠠ ᠪᠠᠷ ᠵᠥᠭᠡᠭᠡᠪᠦᠷᠢᠯᠡᠵᠦ᠂ ᠵᠠᠮ ᠲᠤᠵᠢ ᠳᠣᠩᠰᠣᠯᠵᠤ᠂ | ᠠᠮᠤ ᠪᠤᠳᠠᠭ᠎ᠠ ᠪᠠᠨ ᠭᠤᠭᠤᠵᠢᠭᠤᠯᠵᠤ᠂ ᠠᠮᠤ ᠪᠤᠳᠠᠭ᠎ᠠ ᠪᠠᠨ ᠠᠰᠬᠠᠵᠤ ᠪᠠᠶᠢᠪᠠ᠃ ᠣᠳᠣ ︿ᠳᠥᠷᠪᠡᠨ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ﹀ ᠢᠶᠠᠨ | ᠲᠠᠷᠢᠶᠠᠨ ᠳᠤᠮᠳᠠ ᠨᠡᠪᠲᠡᠷᠡᠭᠦᠯᠵᠦ᠂ ᠲᠣᠮᠣ ᠠᠴᠢᠶᠠᠨ ᠤ ᠮᠠᠰᠢᠨ ᠲᠡᠷᠭᠡ ᠠᠮᠤ ᠪᠤᠳᠠᠭ᠎ᠠ ᠶᠢ ᠰᠢᠭᠤᠳ ᠬᠥᠮᠥᠷᠭᠡ ᠳᠤ ᠣᠷᠣᠭᠤᠯᠬᠤ ᠪᠣᠯᠪᠠ᠃ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠠᠷᠪᠢᠯᠠᠬᠤ ᠪᠠᠲᠤ ᠪᠠᠬᠢ | ᠬᠠᠰᠢᠯᠭ᠎ᠠ ᠶᠢ ᠪᠠᠬᠢᠵᠢᠭᠦᠯᠦᠨ᠎ᠡ᠃ 2014 ᠣᠨ ᠠᠴᠠ 2023 ᠣᠨ ᠪᠣᠯᠲᠠᠯ᠎ᠠ᠂ ᠮᠠᠨ ᠤ ᠤᠯᠤᠰ ᠤᠨ ᠰᠢᠨ᠎ᠡ ᠪᠠᠷ ᠪᠠᠶᠢᠭᠤᠯᠤᠭᠰᠠᠨ ᠬᠥᠳᠡᠭᠡ ᠲᠣᠰᠬᠤᠨ ᠤ | ᠵᠠᠰᠠᠮᠠᠯ ᠵᠠᠮ 250 ᠲᠦᠮᠡᠨ ᠺᠢᠯᠤᠮᠧᠲᠷ ᠢ ᠳᠠᠪᠠᠵᠤ᠂ ᠠᠮᠤ ᠪᠤᠳᠠᠭᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠲᠦᠪᠰᠢᠨ ᠳᠡᠭᠡᠭᠰᠢᠯᠡᠪᠡ᠃ ᠵᠠᠯᠭᠠᠭᠠᠳ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ | ᠲᠡᠮᠦᠷ ᠵᠠᠮ ᠤᠨ ᠲᠤᠰᠬᠠᠶ ᠱᠤᠭᠤᠮ᠂ ᠲᠤᠰᠬᠠᠶ ᠬᠡᠷᠡᠭᠯᠡᠭᠡᠨ ᠤ ᠭᠠᠷᠠᠮ᠂ ᠲᠠᠷᠠᠬᠠᠶ ᠠᠮᠤ ᠪᠤᠳᠠᠭ᠎ᠠ ᠳᠠᠮᠵᠢᠭᠤᠯᠬᠤ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠠᠮᠤ ᠪᠤᠳᠠᠭ᠎ᠠ ᠲᠡᠭᠡᠭᠡᠪᠦᠷᠢᠯᠡᠬᠦ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ | ᠲᠠᠷᠢᠶᠠᠯᠠᠩ ᠤᠨ ᠦᠢᠯᠡᠳᠪᠦᠷᠢᠯᠡᠯ ᠤᠨ ᠭᠤᠭᠴᠣᠭᠠᠨ ᠤ ᠬᠤᠷᠣᠭᠳᠠᠯ ᠢ ᠪᠠᠭᠠᠰᠬᠠᠬᠤ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠵᠠᠩᠭᠢᠯᠠᠭ᠎ᠠ ᠶᠢᠨ | ᠬᠤᠷᠣᠭᠳᠠᠯ ᠢ ᠪᠠᠭᠠᠰᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ ᠤᠨ ᠵᠤᠨ ᠤ ᠬᠤᠷᠢᠶᠠᠯᠲᠠ ᠳᠤ᠂ ᠱᠠᠨᠳᠦ᠋ᠩ ᠤᠨ ᠵᠦ ᠴᠧᠩ ᠬᠤᠲᠠ ᠶᠢᠨ ᠰᠢᠩ | ᠶᠤᠸᠠᠨ ᠲᠠᠷᠢᠶᠠᠯᠠᠩ ᠤᠨ ᠲᠤᠰᠬᠠᠶ ᠬᠤᠷᠰᠢᠶ᠎ᠠ ᠶᠢᠨ ᠬᠠᠷᠢᠭᠤᠴᠠᠯᠭᠠᠲᠠᠨ ᠸᠠᠩ ᠫᠢᠩ ᠫᠢᠩ ᠶᠡᠭᠡ ᠪᠠᠶᠠᠷᠯᠠᠭᠤᠰᠢᠲᠠᠶ᠄ ︽ᠳᠠᠪᠬᠤᠷ ᠮᠠᠶ᠋ᠢᠭ ᠤᠨ ᠰᠢᠰᠲ᠋ᠧᠮ ᠢᠶᠠᠷ | ᠰᠢᠷᠣᠶ ᠬᠥᠷᠪᠡᠭᠦᠯᠵᠦ᠂ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠵᠡᠷᠭᠡ ᠪᠠᠷ ᠠᠬᠢᠭᠤᠯᠵᠤ᠂ ᠪᠣᠭᠤᠳᠠᠶ ᠶᠢᠨ ᠰᠣᠶᠣᠭᠠᠯᠠᠯᠲᠠ ᠶᠢᠨ ᠨᠣᠷᠮ᠎ᠠ ᠶᠢ 90% | ᠪᠣᠯᠲᠠᠯ᠎ᠠ ᠳᠡᠭᠡᠭᠰᠢᠯᠡᠭᠦᠯᠵᠦ᠂ ᠡᠩ ᠤᠨ ᠳᠠᠷᠢᠬᠤ ᠮᠠᠰᠢᠨ ᠲᠠᠢ ᠬᠠᠷᠢᠴᠠᠭᠤᠯᠪᠠᠯ ᠮᠥ ᠪᠦᠷᠢ ᠳᠤ 100 ᠭᠠᠷᠤᠶ ᠵᠢᠩ ᠨᠡᠮᠡᠭᠳᠡᠪᠡ︾ ᠬᠡᠵᠡᠢ᠃ | ︽ᠪᠢᠳᠡ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠᠨ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠴᠢᠳᠠᠪᠬᠢ ᠶᠢ ᠨᠡᠩ | ᠰᠢᠯᠢᠳᠡᠭᠵᠢᠭᠦᠯᠵᠦ᠂ ᠡᠯᠪᠡᠭ ᠬᠤᠷᠢᠶᠠᠯᠲᠠ ᠶᠢ ᠬᠠᠮᠠᠭᠠᠯᠠᠨ᠎ᠠ︾ ᠭᠡᠵᠦ ᠬᠡᠯᠡᠪᠡ᠃ ᠸᠧᠢ ᠴᠠᠢ ᠯᠧᠢ ᠸᠧ ᠬᠤᠷᠢᠶᠠᠬᠤ ᠮᠠᠰᠢᠨ ᠤ ᠲᠡᠷᠢᠭᠦᠨ ᠢᠨᠵᠧᠨᠧᠷ ᠵᠤ᠋ ᠰᠢᠶᠠᠨ | ᠰᠢᠤᠸᠢ ᠲᠠᠨᠢᠯᠴᠠᠭᠤᠯᠤᠭᠰᠠᠨ ᠢᠶᠠᠷ᠂ ᠵᠢᠱᠢᠶᠡᠯᠡᠪᠡᠯ ᠳᠠᠪᠬᠤᠷᠳᠠᠮᠠᠯ ᠮᠠᠶ᠋ᠢᠭ ᠤᠨ ᠲᠠᠷᠢᠬᠤ ᠮᠠᠰᠢᠨ ᠨᠢ ᠦᠷ᠎ᠡ ᠶᠢᠨ ᠭᠡᠮᠲᠦᠯ ᠢ ᠪᠠᠭᠠᠰᠬᠠᠨ᠎ᠠ︔ ᠰᠢᠨ᠎ᠡ ᠶᠢ | ᠡᠭᠦᠳᠴᠦ ᠰᠤᠳᠤᠯᠤᠨ ᠨᠡᠭᠡᠭᠡᠭᠰᠡᠨ ᠭᠤᠷᠪᠠᠯᠠᠬᠤ ᠬᠡᠯᠪᠡᠷᠢ ᠶᠢᠨ ᠲᠠᠩ ᠭᠤᠯᠳᠤ ᠲᠡᠩᠭᠡᠯᠢᠭ ᠤᠨ ᠥᠩᠬᠦᠷᠢᠭᠦᠯ ᠲᠦᠩᠰᠡ ᠨᠢ ᠪᠤᠭᠤᠳᠠᠢ ᠶᠢᠨ ᠲᠦᠷᠦᠭᠦᠦ ᠶᠢ | ᠨᠡᠩ ᠰᠢᠯᠤᠭᠤᠬᠠᠨ ᠢᠳᠡᠭᠦᠯᠵᠦ᠂ ᠠᠮᠤ ᠪᠤᠳᠠᠭ᠎ᠠ ᠶᠢ ︽ᠳᠤᠰᠤᠯᠠᠵᠤ ᠭᠤᠭᠤᠵᠢᠬᠤ︾ ᠶᠢ ᠨᠢ ᠨᠡᠩ ᠪᠠᠭ᠎ᠠ ᠪᠣᠯᠭᠠᠪᠠ᠃ ᠲᠠᠷᠢᠶᠠᠯᠠᠩ ᠬᠥᠳᠡᠭᠡ ᠲᠣᠰᠬᠤᠨ ᠤ | ᠶᠠᠮᠤᠨ ᠠᠴᠠ ᠮᠠᠰᠢᠨ ᠪᠠᠭᠠᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ | ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠤᠨ ᠲᠡᠷᠢᠭᠦᠨ ᠤ ᠪᠥᠭᠡᠳ | ᠲᠣᠬᠢᠷᠠᠮᠵᠢᠲᠠᠶ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠬᠤᠷᠢᠶᠠᠬᠤ ᠮᠠᠰᠢᠨ ᠬᠤᠳᠠᠯᠳᠤᠨ | ᠠᠪᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠴᠢᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠮᠠᠰᠢᠨ ᠢᠶᠠᠷ | ᠬᠤᠷᠢᠶᠠᠬᠤ ᠬᠤᠬᠢᠷᠠᠯ ᠢ ᠪᠠᠭᠠᠰᠬᠠᠬᠤ ᠴᠢᠳᠠᠮᠵᠢ ᠶᠢ ᠦᠨᠡᠨ ᠬᠦ ᠳᠡᠭᠡᠭᠰᠢᠯᠡᠭᠦᠯᠦᠨ᠎ᠡ᠃ | ︽ᠲᠤᠩᠭᠠᠯᠠᠭ ᠡᠳᠦᠷ ᠢ ᠪᠤᠯᠢᠶᠠᠯᠳᠤᠵᠤ᠂ ᠪᠣᠷᠣᠭᠠᠨ ᠤ ᠵᠠᠪᠰᠠᠷ ᠢ ᠵᠠᠪᠳᠤᠨ᠂ ᠪᠣᠯᠪᠠᠰᠤᠷᠠᠪᠠᠯ ᠨᠢᠭᠡ ᠬᠡᠰᠡᠭ ᠢᠶᠠᠨ ᠬᠤᠷᠢᠶᠠᠵᠤ᠂ ᠡᠳᠦᠷ ᠲᠤ ᠬᠠᠲᠠᠭᠠᠬᠤ | ᠴᠢᠳᠠᠪᠤᠷᠢ 360 ᠭᠠᠷᠤᠶ ᠲᠣᠨ ᠬᠦᠷᠪᠡᠢ︾ ᠭᠡᠵᠡᠢ᠃ ᠵᠢᠶᠠᠩᠰᠦ ᠶᠢᠨ ᠱᠦ ᠶᠠᠩ ᠰᠢᠶᠠᠨ ᠤ ᠾᠦᠢ ᠹᠧᠩ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ | ᠬᠠᠷᠢᠭᠤᠴᠠᠯᠭᠠᠲᠠᠨ ᠰᠢᠤᠢ ᠹᠦ᠋ ᠱᠧᠩ ᠲᠠᠨᠢᠯᠴᠠᠭᠤᠯᠬᠤ ᠳᠠᠭᠠᠨ᠂ ︽ᠪᠢᠳᠡ ᠬᠠᠳᠤᠵᠤ ᠬᠤᠷᠢᠶᠠᠬᠤ᠂ ᠬᠠᠲᠠᠭᠠᠬᠤ᠂ ᠬᠥᠮᠥᠷᠭᠡᠯᠡᠨ ᠬᠠᠳᠠᠭᠠᠯᠠᠬᠤ᠂ ᠬᠤᠳᠠᠯᠳᠤᠨ | ᠠᠪᠬᠤ ᠵᠡᠷᠭᠡ ᠡᠯ᠎ᠡ ᠵᠠᠩᠭᠢᠯᠠᠭ᠎ᠠ ᠶᠢᠨ ᠦᠢᠯᠡᠴᠢᠯᠡᠭᠡ ᠬᠠᠩᠭᠠᠵᠤ᠂ ᠵᠢᠵᠢᠭ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠠᠷᠪᠢᠯᠠᠬᠤ ᠲᠦᠪᠰᠢᠨ ᠢ ᠳᠡᠭᠡᠭᠰᠢᠯᠡᠭᠦᠯᠵᠦ᠂ | ᠵᠢᠵᠢᠭ ᠲᠠᠷᠢᠶᠠᠴᠢᠨ ᠡᠷᠦᠬᠡ ᠶᠢ ᠳᠠᠶᠢᠴᠢᠯᠠᠨ 30 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠪᠡ︾ ᠭᠡᠵᠡᠶ᠃ | ︽ᠲᠠᠷᠢᠶᠠᠨ ᠤ ᠠᠰᠠᠷᠠᠭᠴᠢ︾ ᠠᠴᠠ ︽ᠣᠷᠣᠯᠠᠨ ᠴᠡᠪᠡᠷᠯᠡᠬᠦ᠂ ᠣᠷᠣᠯᠠᠨ ᠬᠠᠳᠠᠭᠠᠬᠤ᠂ ᠣᠷᠣᠯᠠᠨ ᠬᠠᠳᠠᠭᠠᠯᠠᠬᠤ᠂ ᠣᠷᠣᠯᠠᠨ ᠪᠣᠯᠪᠠᠰᠤᠷᠠᠭᠤᠯᠬᠤ᠂ | ᠣᠷᠣᠯᠠᠨ ᠪᠣᠷᠣᠯᠠᠭᠤᠯᠬᠤ︾ ᠵᠡᠷᠭᠡ ᠦᠢᠯᠡᠴᠢᠯᠡᠭᠡ ᠬᠠᠩᠭᠠᠵᠤ᠂ ᠵᠢᠵᠢᠭ ᠲᠠᠷᠢᠶᠠᠴᠢᠨ ᠡᠷᠤᠭᠡ ᠶᠢ ᠬᠠᠪᠰᠤᠷᠴᠤ ᠨᠢᠭᠡ ᠡᠷᠤᠭᠡ ᠶᠢᠨ ᠬᠢᠵᠦ ᠳᠡᠶᠢᠯᠬᠦ ᠦᠭᠡᠢ᠂ | ᠰᠠᠶᠢᠨ ᠬᠢᠵᠦ ᠳᠡᠶᠢᠯᠬᠦ ᠦᠭᠡᠢ᠂ ᠬᠢᠬᠦ ᠳᠤ ᠠᠰᠢᠭ ᠦᠭᠡᠢ ᠶᠠᠪᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ 2017 ᠣᠨ ᠠᠴᠠ 2023 ᠣᠨ ᠪᠣᠯᠲᠠᠯ᠎ᠠ᠂ | ᠮᠠᠨ ᠤ ᠤᠯᠤᠰ ᠤᠨ ᠲᠠᠷᠢᠶᠠᠯᠠᠩ ᠤᠨ ᠦᠢᠯᠡᠴᠢᠯᠡᠭᠡᠨ ᠤ ᠭᠤᠣᠯ ᠴᠣᠭᠴᠠ 22.7 ᠲᠦᠮᠡ ᠪᠠᠶᠢᠭᠰᠠᠨ ᠠᠴᠠ ᠪᠠᠨ 109.4 ᠲᠦᠮᠡ ᠪᠣᠯᠣᠨ ᠨᠡᠮᠡᠭᠳᠡᠵᠦ᠂ | ᠵᠢᠵᠢᠭ ᠲᠠᠷᠢᠶᠠᠴᠢᠨ ᠡᠷᠦᠬᠡ ᠳᠤ ᠦᠢᠯᠡᠴᠢᠯᠡᠬᠦ ᠲᠤᠭ᠎ᠠ 3655.8 ᠲᠦᠮᠡ ᠪᠠᠶᠢᠭᠰᠠᠨ ᠠᠴᠠ ᠪᠠᠨ 9400 ᠭᠠᠷᠤᠢ ᠲᠦᠮᠡ ᠪᠣᠯᠣᠨ ᠨᠡᠮᠡᠭᠳᠡᠵᠡᠢ᠃ | ᠪᠣᠰᠤᠭ᠎ᠠ ᠣᠷᠴᠢᠯ ᠢᠶᠠᠷ ᠠᠷᠪᠢᠯᠠᠨ ᠭᠠᠮᠨᠠᠬᠤ ᠶᠢ ᠠᠬᠢᠭᠤᠯᠵᠤ᠂ ᠠᠮᠤ ᠪᠤᠳᠠᠭᠠᠨ ᠤ ᠠᠵᠤ ᠦᠢᠯᠡᠰ ᠤᠨ ᠳᠡᠰ ᠳᠡᠪᠰᠢᠭᠦᠯᠦᠶ᠎ᠡ | ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠪᠠᠭᠠᠰᠬᠠᠬᠤ ᠨᠢ ᠬᠥᠭᠵᠢᠯᠲᠡ ᠶᠢᠨ ᠠᠷᠭ᠎ᠠ ᠮᠠᠶ᠋ᠢᠭ ᠲᠠᠢ ᠵᠠᠯᠬᠠᠭ᠎ᠠ ᠪᠠᠷ ᠪᠠᠶᠢᠨ᠎ᠠ᠃ ᠦᠢᠯᠡᠳᠪᠦᠷᠢᠯᠡᠯ ᠤᠨ | ᠠᠷᠭ᠎ᠠ ᠮᠠᠶ᠋ᠢᠭ ᠢ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠵᠤ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠶᠠᠰᠤ ᠴᠢᠨᠠᠷ᠂ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠶᠢ ᠠᠬᠢᠭᠤᠯᠤᠨ᠎ᠠ᠃ | ᠪᠠᠭᠠᠰᠤᠨ ᠪᠣᠬᠢᠷᠲᠤᠯ ᠢ ᠣᠷᠭᠠᠨᠢᠭ ᠪᠣᠷᠳᠣᠭᠤᠷ ᠪᠣᠯᠭᠠᠨ ᠬᠤᠪᠢᠷᠠᠭᠤᠯᠵᠤ᠂ ᠣᠷᠭᠠᠨᠢᠭ ᠪᠤᠷᠳᠤᠭᠤᠷ ᠢ ᠲᠠᠷᠢᠶᠠᠨ ᠳᠤ ᠪᠤᠴᠠᠭᠠᠨ ᠡᠪᠡᠰᠦ ᠲᠠᠷᠢᠵᠤ᠂ | ᠡᠪᠡᠰᠦ ᠪᠠᠷ ᠠᠮᠤ ᠪᠤᠳᠠᠭ᠎ᠠ ᠶᠢ ᠣᠷᠣᠯᠠᠭᠤᠯᠵᠤ᠂ ᠬᠤᠯᠢᠮᠠᠭ ᠰᠢᠭᠠᠷᠤ ᠪᠠᠷ ᠪᠤᠷᠴᠠᠭ ᠤᠨ ᠰᠢᠭᠠᠷᠤ ᠶᠢ ᠣᠷᠣᠯᠠᠭᠤᠯᠵᠤ᠂ ᠰᠠᠭᠠᠯᠢ ᠶᠢᠨ ᠦᠨᠢᠶ᠎ᠡ ᠶᠢᠨ ︽ | ᠬᠦᠨᠡᠰᠦᠨ ᠠᠮᠤ︾ ᠶᠢ ᠰᠠᠶᠢᠵᠢᠷᠠᠭᠤᠯᠵᠤ᠂ ᠱᠠᠨᠳᠦ᠋ᠩ ᠤᠨ ᠸᠠᠨ ᠰᠢᠶᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠨᠢᠭᠡ ᠣᠷᠴᠢᠯ ᠲᠡᠵᠢᠭᠡᠨ ᠦᠷᠡᠵᠢᠭᠦᠯᠬᠦ | ᠬᠡᠯᠬᠢᠶ᠎ᠡ ᠶᠢ ᠪᠦᠷᠢᠯᠳᠦᠭᠦᠯᠪᠡ᠃ ︽ᠥᠩᠭᠡᠷᠡᠭᠰᠡᠨ ᠳᠤ ᠰᠠᠭᠠᠯᠢ ᠶᠢᠨ ᠦᠨᠢᠶ᠎ᠡ ᠶᠢᠨ ᠪᠣᠷᠳᠤᠭ᠎ᠠ ᠨᠢ ᠭᠤᠣᠯᠳᠠᠭᠤ ᠪᠤᠷᠴᠠᠭ ᠤᠨ ᠰᠢᠭᠠᠷᠤ ᠪᠠᠷ ᠭᠤᠣᠯᠯᠠᠵᠤ᠂ | ᠥᠪᠡᠷ ᠤᠨ ᠦᠷᠳᠡᠭ ᠨᠢ ᠨᠡᠯᠢᠶᠡᠳ ᠥᠨᠳᠥᠷ᠂ 1000 ᠭᠠᠷᠤᠢ ᠰᠠᠭᠠᠯᠢ ᠶᠢᠨ ᠦᠨᠢᠶ᠎ᠡ ᠶᠢᠨ ᠪᠣᠷᠳᠤᠭ᠎ᠠ ᠶᠢ ᠠᠷᠤᠭ ᠰᠢᠭᠠᠷᠤᠭ ᠪᠣᠯᠭᠠᠨ ᠰᠣᠯᠢᠵᠤ᠂ | ᠪᠤᠷᠴᠠᠭ ᠤᠨ ᠰᠢᠭᠠᠷᠤᠭ ᠬᠡᠷᠡᠭᠯᠡᠭᠰᠡᠨ ᠬᠡᠮᠵᠢᠶ᠎ᠡ ᠶᠢ ᠪᠠᠭᠠᠰᠬᠠᠭᠰᠠᠨ ᠢᠶᠠᠷ ᠪᠠᠷᠠᠬᠤ ᠦᠭᠡᠢ᠂ ᠦᠬᠡᠷ ᠪᠦᠷᠢ ᠳᠤ ᠰᠠᠷ᠎ᠠ ᠪᠦᠷᠢ 150 ᠲᠥᠭᠦᠷᠢᠭ ᠤᠨ ᠥᠪᠡᠷ ᠤᠨ | ᠦᠷᠳᠡᠭ ᠪᠠᠭᠤᠷᠠᠭᠤᠯᠪᠠ︾ ᠭᠡᠵᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠦ ᠵᠢᠶᠦ᠋ᠨ ᠯᠢ ᠳᠠᠩᠰᠠ ᠪᠣᠳᠤᠪᠠ᠃ | ᠲᠡᠵᠢᠭᠡᠯ ᠪᠣᠷᠳᠣᠭᠠᠨ ᠤ ᠠᠮᠤ ᠪᠤᠳᠠᠭᠠᠨ ᠤ ᠬᠤᠷᠣᠭᠳᠠᠯ ᠢ ᠪᠠᠭᠠᠰᠬᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠤᠷᠴᠠᠭ ᠤᠨ ᠰᠢᠭᠠᠷᠤ ᠶᠢᠨ | ᠬᠡᠮᠵᠢᠶ᠎ᠡ ᠶᠢ ᠪᠠᠭᠠᠰᠬᠠᠨ ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠤᠭᠤᠷᠠᠭ ᠪᠠᠭᠠᠲᠠᠶ ᠡᠳᠦᠷ ᠤᠨ ᠠᠮᠤ ᠪᠤᠳᠠᠭᠠᠨ ᠤ ᠮᠡᠷᠭᠡᠵᠢᠯ ᠢ ᠳᠡᠯᠭᠡᠷᠡᠭᠦᠯᠦᠨ᠂ | ᠡᠯᠳᠡᠪ ᠠᠮᠤ᠂ ᠡᠯᠳᠡᠪ ᠰᠢᠭᠠᠷᠤ ᠶᠢ ᠭᠦᠢᠴᠡᠳ ᠠᠰᠢᠭᠯᠠᠨ ᠡᠬᠢ ᠪᠠᠶᠠᠯᠢᠭ ᠢ ᠣᠷᠣᠯᠠᠭᠤᠯᠵᠤ᠂ ᠠᠮᠤ ᠪᠤᠳᠠᠭ᠎ᠠ ᠶᠢ ᠠᠷᠪᠢᠯᠠᠬᠤ ᠳᠤ ᠰᠢᠨ᠎ᠡ ᠣᠷᠣᠨ ᠵᠠᠶ | ᠨᠡᠭᠡᠭᠡᠵᠦ ᠥᠭᠭᠦᠨ᠎ᠡ᠃ | ᠠᠮᠤ ᠲᠣᠰᠣ ᠪᠣᠯᠪᠠᠰᠤᠷᠠᠭᠤᠯᠬᠤ ᠳᠠᠭᠠᠯᠲᠠ ᠪᠦᠲᠦᠭᠡᠭᠳᠡᠬᠦᠨ ᠬᠠᠶᠠᠭᠳᠠᠮᠠᠯ ᠪᠤᠳᠠᠰ ᠢ ᠡᠷᠳᠡᠨᠢ ᠪᠣᠯᠭᠠᠨ ᠬᠤᠪᠢᠷᠠᠭᠤᠯᠤᠨ᠎ᠠ᠃ ᠬᠠᠷᠠᠮᠦ᠋ᠷᠡᠨ ᠤ ᠹᠠᠩ ᠵᠧᠩ | ᠰᠢᠶᠠᠨ ᠤ ᠲᠤᠲᠤᠷᠭ᠎ᠠ ᠶᠢ ᠵᠣᠬᠢᠬᠤ ᠬᠡᠮᠵᠢᠶ᠎ᠡ ᠪᠠᠷ ᠡᠳ᠋ᠰᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠨᠢᠭᠡ ᠤᠭᠤᠲᠠ ᠬᠦᠪᠦᠷᠡᠯ ᠤᠨ ᠨᠠᠬᠢᠶ᠎ᠠ ᠶᠢ | ᠦᠢᠯᠡᠳᠪᠦᠷᠢᠯᠡᠯ ᠤᠨ ᠱᠤᠭᠤᠮ ᠢᠶᠠᠷ ᠪᠠᠭᠤᠯᠭᠠᠵᠠᠢ᠃ ᠬᠤᠨᠠᠨ ᠤ ᠶᠦᠸᠧ ᠶᠠᠩ ᠬᠤᠲᠠ ᠶᠢᠨ ᠳ᠋ᠦᠩ ᠰᠢᠶᠠᠩ ᠲᠣᠰᠣᠨ ᠤ ᠺᠣᠮᠫᠠᠨᠢ ᠳᠤ ᠬᠦᠷᠴᠦ᠂ ᠠᠭ᠎ᠠ | ᠰᠡᠭᠦᠯ ᠢ ᠨᠢ ᠠᠭ᠎ᠠ ᠱᠠᠷᠤᠭ᠂ ᠠᠭ᠎ᠠ ᠲᠣᠰᠤ᠂ ᠠᠭ᠎ᠠ ᠯᠠ ᠵᠡᠷᠭᠡ 7 ᠵᠦᠢᠯ ᠤᠨ ᠦᠢᠯᠡᠳᠬᠦᠨ ᠪᠣᠯᠵᠤ᠂ ᠵᠢᠯ ᠤᠨ ᠦᠢᠯᠡᠳᠬᠦᠨ ᠤ ᠥᠷᠲᠡᠭ ᠨᠢ 30 | ᠳ᠋ᠦᠩᠰᠢᠭᠤᠷ ᠲᠥᠭᠦᠷᠢᠭ ᠣᠷᠴᠢᠮ ᠬᠦᠷᠴᠦ ᠪᠠᠶᠢᠪᠠ᠃ ᠨᠢᠭᠡ ᠮᠥᠬᠦᠯᠢᠭ ᠠᠮᠤ ᠪᠤᠳᠠᠭ᠎ᠠ ᠪᠠᠨ ︽ᠬᠤᠭᠤᠰᠤᠷᠠᠲᠠᠯ᠎ᠠ ᠢᠳᠡᠵᠦ ᠬᠤᠭᠤᠰᠤᠷᠠᠲᠠᠯ᠎ᠠ ᠰᠢᠬᠠᠬᠤ︾ | ᠠᠮᠤ ᠪᠤᠳᠠᠭᠠᠨ ᠤ ᠪᠦᠲᠦᠭᠡᠭᠳᠡᠬᠦᠨ ᠤ ᠬᠠᠩᠭᠠᠯᠭ᠎ᠠ ᠨᠡᠩ ᠣᠯᠠᠨ ᠡᠰᠢᠵᠤ ᠪᠠᠶᠢᠨ᠎ᠠ᠃ | ᠾᠧᠪᠧᠶ ᠶᠢᠨ ᠯᠦᠩ ᠶᠣᠣ ᠰᠢᠶᠠᠨ ᠤ ᠶᠢᠨ ᠮᠠᠢ ᠯᠠᠩ ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ | ᠲᠠᠰᠤᠭ ᠲᠤ᠂ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ ᠡᠮᠬᠢ ᠵᠢᠷᠤᠮ ᠲᠠᠢ ᠠᠵᠢᠯᠯᠠᠵᠤ ᠪᠠᠶᠢᠨ᠎ᠠ᠃ ︽ᠲᠣᠮᠣ ᠳ᠋ᠠᠶᠢᠲ᠋ᠠ ᠶᠢ ᠨᠠᠷᠢᠯᠢᠭᠵᠢᠭᠤᠯᠤᠨ | ᠬᠠᠮᠢᠶᠠᠷᠴᠤ᠂ ᠲᠥᠬᠦᠮ ᠭᠠᠳᠠᠷᠭᠤ ᠶᠢᠨ ᠤᠰᠤ ᠵᠠᠯᠠᠬᠤ ᠱᠤᠭᠤᠮ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠮᠢᠨᠦ᠋ᠲ ᠪᠦᠷᠢ 160 ᠪᠣᠭᠤᠯᠲᠠ | ᠪᠠᠶᠢᠭᠰᠠᠨ ᠠᠴᠠ ᠮᠢᠨᠦ᠋ᠲ ᠪᠦᠷᠢ 330 ᠪᠣᠭᠤᠯᠲᠠ ᠪᠣᠯᠭᠠᠨ ᠳᠡᠭᠡᠭᠰᠢᠯᠡᠭᠦᠯᠵᠦ᠂ ᠲᠦᠭᠦᠬᠡᠶ ᠮᠠᠲ᠋ᠧᠷᠢᠶᠠᠯ ᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠪᠡ︾᠃ | ᠺᠣᠮᠫᠠᠨᠢ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠶᠡᠷᠦᠩᠬᠡᠢ ᠬᠢᠨᠠᠭᠴᠢ ᠸᠠᠩ ᠴᠢ ᠲᠠᠨᠢᠯᠴᠠᠭᠤᠯᠵᠠᠢ᠃ | ᠭᠤᠯᠢᠷ ᠪᠣᠯᠪᠠᠰᠤᠷᠠᠭᠤᠯᠬᠤ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠵᠥᠭᠡᠯᠡᠨ ᠲᠤᠲᠤᠷᠭ᠎ᠠ ᠡᠳ᠋ᠰᠢᠭᠦᠯᠬᠦ | ᠲᠥᠬᠦᠭᠡᠷᠦᠮᠵᠢ ᠶᠢ ᠬᠡᠷᠡᠭᠯᠡᠬᠦ ᠶᠢ ᠵᠣᠷᠢᠭᠵᠢᠭᠤᠯᠵᠤ᠂ ᠠᠮᠤ ᠪᠤᠳᠠᠭ᠎ᠠ ᠪᠣᠯᠪᠠᠰᠤᠷᠠᠭᠤᠯᠬᠤ ᠠᠵᠢᠯ ᠲᠦᠷᠦᠯ ᠤᠨ ᠲᠣᠭᠠᠴᠢᠯᠠᠭᠰᠠᠨ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠬᠦ ᠁ ᠠᠯᠢ ᠤᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠮᠤ ᠪᠤᠳᠠᠭ᠎ᠠ ᠡᠳ᠋ᠰᠢᠭᠦᠯᠦᠨ ᠪᠣᠯᠪᠠᠰᠤᠷᠠᠭᠤᠯᠬᠤ ᠳᠡᠭᠡᠳᠦ | ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠠᠮᠤ ᠪᠤᠳᠠᠭ᠎ᠠ ᠶᠢ ᠬᠤᠪᠢᠷᠠᠭᠤᠯᠬᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠮᠤ ᠪᠤᠳᠠᠭᠠᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠠᠮᠤ ᠪᠤᠳᠠᠭᠠᠨ ᠤ ᠪᠦᠬᠦ ᠠᠵᠤ | ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠪᠣᠳᠠᠲᠠᠶᠢᠵᠢᠭᠤᠯᠤᠨ ᠨᠠᠷᠢᠯᠢᠬᠵᠢᠭᠤᠯᠬᠤ ᠠᠷᠭ᠎ᠠ ᠬᠡᠮᠵᠢᠶ᠎ᠡ | ᠠᠪᠴᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠠᠮᠤ ᠪᠤᠳᠠᠭᠠᠨ ᠤ ᠬᠤᠷᠣᠭᠳᠠᠯ ᠢ ᠪᠠᠭᠠᠰᠬᠠᠵᠤ ᠬᠤᠬᠢᠷᠠᠯ ᠢ ᠪᠠᠭᠠᠰᠬᠠᠬᠤ ᠶᠢ ᠪᠣᠳᠠᠲᠠᠢ ᠳᠤ | ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠭᠦᠯᠦᠨ᠎ᠡ ᠭᠡᠵᠡᠶ᠃ ︵ᠰᠤᠷᠪᠤᠯᠵᠢᠯᠠᠭᠴᠢ ᠸᠠᠩ ᠬᠤᠤ ᠯᠢ ᠰᠢᠶᠤᠤ ᠴᠢᠩ︶ | |