ᠳᠡᠭᠡᠳᠦ ᠲᠠᠰ ᠤᠨ ᠴᠢᠳᠠᠪᠤᠷᠢᠲᠠᠨ ᠤ ᠵᠢᠱᠢᠭᠳᠡᠭᠴᠢ ᠶᠢ ᠣᠷᠣᠭᠤᠯᠤᠨ ᠠᠪᠴᠢᠷᠠᠬᠤ ᠲᠤᠬᠠᠶ ᠵᠠᠷᠯᠠᠨ ᠨᠡᠶᠢᠲᠡᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/12/8
  ︽︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ  ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠤᠷᠢᠨ ᠡᠯᠰᠡᠬᠦ ᠨᠢᠭᠡᠴᠢ ᠠᠴᠠ ᠠᠯᠪᠠᠨ ᠵᠠᠷ ᠨᠡᠶᠢᠲᠡᠯᠡᠬᠦ᠂ ᠲᠤᠰᠬᠠᠶ ᠮᠡᠷᠭᠡᠵᠢᠯᠲᠡᠨ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ᠂ ᠵᠠᠷᠯᠠᠨ ᠨᠡᠶᠢᠲᠡᠯᠡᠬᠦ᠂ ᠤᠳᠤᠷᠢᠳᠬᠤ ᠪᠠᠭ ᠤᠨ ᠬᠠᠮᠲᠤ ᠶᠢᠨ ᠰᠤᠳᠤᠯᠭᠠᠨ ᠬᠢᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ 1 ᠨᠥᠬᠦᠳ ᠮᠠᠨ ᠤ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠵᠤ᠂ ᠣᠲᠣ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢᠶᠠᠷ ᠵᠢᠱᠢᠭᠳᠡᠭᠰᠡᠳ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ ᠢᠯᠡ ᠨᠡᠶᠢᠲᠡᠯᠡᠪᠡ᠃  ᠨᠢᠭᠡ᠂ ᠢᠯᠡ ᠨᠡᠶᠢᠲᠡᠯᠡᠬᠦ ᠡᠲᠡᠭᠡᠳ  ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢᠶᠠᠷ ᠵᠢᠱᠢᠭᠳᠡᠭᠰᠡᠳ ᠵᠢᠴᠢ ᠣᠷᠣᠭᠤᠯᠤᠨ ᠠᠪᠴᠢᠷᠠᠬᠤ ᠨᠢᠭᠡᠴᠢ ᠶᠢᠨ ᠨᠡᠷᠡᠰ ᠢ ᠳᠠᠭᠠᠯᠳᠤᠭᠤᠯᠤᠯ ᠳᠤ ᠦᠵᠡ᠃  ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ ᠵᠢᠴᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ  ᠢᠯᠡ ᠨᠡᠶᠢᠲᠡᠯᠡᠬᠦ ᠴᠠᠭ ᠨᠢ 2024 ᠣᠨ ᠤ 12 ᠳ᠋ᠤᠭᠠᠷ ᠰᠠᠷ᠎ᠠ ᠶᠢᠨ 9 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠃  ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠠᠶᠢᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠬᠠᠩᠭᠠᠬᠤ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃  ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ 9᠄ 00 — 12᠄ 00 ᠴᠠᠭ14᠄ 30 — 17᠄ 30 ᠴᠠᠭ  ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 4215873 ︵ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ︶ 0471 — 4215805 ︵ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶  ᠭᠥᠯᠢᠶᠡᠨ ᠠᠪᠴᠤ ᠰᠢᠢᠳᠪᠦᠷᠢᠯᠡᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠤᠨ 11 ᠳ᠋ᠤᠭᠡᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ 1010 ᠲᠠᠰᠤᠭ᠂ 806 ᠲᠠᠰᠤᠭ  ᠣᠨᠴᠠᠭᠠᠶᠢᠯᠠᠨ ᠵᠠᠷᠯᠠᠨ ᠨᠡᠶᠢᠲᠡᠯᠡᠪᠡ᠃  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  2024 ᠣᠨ ᠤ 12 ᠳ᠋ᠤᠭᠠᠷ ᠰᠠᠷ᠎ᠠ ᠶᠢᠨ 8 ᠤ ᠡᠳᠦᠷ  ᠳᠠᠭᠠᠯᠳᠤᠭᠤᠯᠤᠯ ᠢ ᠪᠠᠭᠤᠯᠭᠠᠬᠤ᠄ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠵᠢᠱᠢᠭᠳᠡᠭᠴᠢ ᠶᠢᠨ ᠵᠠᠷᠯᠠᠨ ᠨᠡᠶᠢᠲᠡᠯᠡᠬᠦ ᠨᠡᠷᠡᠰ . xlsx

 

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ