ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠥᠬᠡᠭᠴᠢᠨ ᠲᠠᠰ ᠤᠨ ᠬᠢᠷᠢ ᠬᠡᠮ ᠤᠨ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/2/22
ᠡᠯ᠎ᠡ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ᠄  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠵᠠᠷᠯᠢᠭ 11 ᠳ᠋ᠦ᠋ᠭᠡᠷ ᠲᠣᠭᠠᠲᠤ᠂ ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶᠎ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠥᠬᠡᠭᠴᠢᠨ ᠲᠠᠰ ᠤᠨ ᠬᠢᠷᠢ ᠬᠡᠮ ︵ᠬᠢᠷᠢ ᠬᠡᠮ ᠭᠡᠵᠦ ᠲᠣᠪᠴᠢᠯᠠᠨ᠎ᠠ︶᠎ ᠢ ᠨᠠᠶᠢᠷᠠᠭᠤᠯᠤᠨ ᠵᠣᠬᠢᠶᠠᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ︽ᠬᠠᠮᠢᠶᠠᠷᠤᠯᠲᠠ ᠶᠢᠨ ᠠᠷᠭ᠎ᠠ︾᠎ ᠶᠢᠨ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ︽ᠬᠠᠮᠢᠶᠠᠷᠤᠯᠲᠠ ᠶᠢᠨ ᠠᠷᠭ᠎ᠠ︾᠎ ᠶᠢ ᠬᠡᠷᠡᠭᠵᠢᠭᠦᠯᠬᠦ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨᠠᠨ ᠣᠯᠭᠤᠭᠰᠠᠨ ᠬᠦᠴᠦᠨ ᠲᠠᠢ ᠬᠤᠭᠤᠴᠠᠭ᠎ᠠ ᠨᠢ 2023 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠬᠦᠷᠲᠡᠯ᠎ᠡ ᠬᠢᠷᠢ ᠬᠡᠮ ᠤᠨ ᠦᠨᠡᠮᠯᠡᠯ ᠪᠠᠶᠢᠵᠤ᠂ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠤᠷᠲᠤᠳᠬᠠᠨ᠎ᠠ᠃ ᠲᠣᠰ ᠤᠳᠠᠭᠠᠨ ᠤ ᠬᠤᠭᠤᠴᠠᠭ᠎ᠠ ᠶᠢ ᠤᠷᠲᠤᠳᠬᠠᠬᠤ ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ᠂ ᠲᠣᠰ ᠲᠥᠷᠥᠯ ᠤᠨ ᠬᠢᠷᠢ ᠬᠡᠮ ᠤᠨ ᠦᠨᠡᠮᠯᠡᠯ ᠲᠠᠢ ᠨᠢᠭᠡᠴᠢ ᠨᠢ ᠲᠣᠰ ᠮᠡᠳᠡᠭᠳᠡᠯ ᠲᠠᠢ ᠤᠶᠠᠯᠳᠤᠭᠤᠯᠤᠨ ᠬᠤᠭᠤᠴᠠᠭ᠎ᠠ ᠤᠷᠲᠤᠳᠬᠠᠭᠰᠠᠨ ᠬᠤᠭᠤᠴᠠᠭᠠᠨ ᠳᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠨᠢᠭᠦᠯᠵᠦ ᠪᠣᠯᠤᠨ᠎ᠠ᠃  ᠬᠤᠶᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠯᠪᠠᠨ ᠬᠡᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠣᠪᠴᠢᠶ᠎ᠠ ᠶᠢᠨ ᠨᠡᠶᠢᠲᠡᠯᠡᠭᠰᠡᠨ ︽ᠪᠥᠬᠦ ᠤᠯᠤᠰ ᠤᠨ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠢᠷᠢ ᠬᠡᠮ ᠤᠨ ᠦᠨᠡᠮᠯᠡᠯ ᠤᠨ ᠡᠯᠧᠺᠲᠷᠣᠨ ᠦᠨᠡᠮᠯᠡᠯ ᠤᠨ ᠪᠠᠷᠢᠮᠵᠢᠶ᠎ᠠ︾ ︵C0305 — 2022︶᠎ ᠶᠢ ᠦᠨᠳᠦᠰᠦᠯᠡᠪᠡᠯ᠂ ᠮᠠᠨ ᠤ ᠲᠢᠩᠬᠢᠮ ᠨᠢᠭᠡᠨᠲᠡ ᠬᠢᠷᠢ ᠬᠡᠮ ᠤᠨ ᠦᠨᠡᠮᠯᠡᠯ ︵ᠲᠣᠰ ᠤᠳᠠᠭᠠᠨ ᠤ ᠬᠤᠭᠤᠴᠠᠭ᠎ᠠ ᠶᠢ ᠤᠷᠲᠤᠳᠬᠠᠬᠤ ᠵᠢᠴᠢ ᠰᠢᠨ᠎ᠡ ᠪᠠᠷ ᠬᠢᠨᠠᠨ ᠣᠯᠭᠤᠭᠰᠠᠨ ᠦᠨᠡᠮᠯᠡᠯ ᠢ ᠪᠠᠭᠲᠠᠭᠠᠨ᠎ᠠ︶᠎ ᠢ ᠰᠢᠨ᠎ᠡ ᠬᠡᠪᠯᠡᠯ ᠤᠨ ᠬᠡᠯᠪᠡᠷᠢ ᠮᠠᠶ᠋ᠢᠭ ᠢᠶᠠᠷ ᠰᠣᠯᠢᠵᠤ᠂ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠯ᠎ᠡ ᠨᠢᠭᠡᠴᠢ ᠠᠴᠠ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠪᠤᠶᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠢ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠭᠠᠷᠴᠤ᠂ ︽ᠮᠢᠨᠦ ᠦᠨᠡᠮᠯᠡᠯ︾᠎ ᠤᠨ ᠳᠣᠲᠣᠷ᠎ᠠ ᠠᠴᠠ ᠡᠯᠧᠺᠲᠷᠣᠨ ᠦᠨᠡᠮᠯᠡᠯ ᠢ ᠪᠠᠶᠢᠴᠠᠭᠠᠨ ᠯᠠᠪᠯᠠᠬᠤ ᠪᠠ ᠪᠠᠭᠤᠯᠭᠠᠨ ᠠᠪᠬᠤ ᠬᠡᠷᠡᠭᠲᠡᠶ ᠃ ᠪᠠᠭᠤᠯᠭᠠᠭᠰᠠᠨ ᠤ ᠳᠠᠷᠠᠭ᠎ᠠ ᠳᠠᠷᠤᠮᠠᠯᠯᠠᠭᠰᠠᠨ ᠡᠯᠧᠺᠲᠷᠣᠨ ᠦᠨᠡᠮᠯᠡᠯ ᠨᠢ ᠴᠠᠭᠠᠰᠤᠨ ᠤ ᠦᠨᠡᠮᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠃ ᠬᠢᠷᠢ ᠬᠡᠮ ᠤᠨ ᠦᠨᠡᠮᠯᠡᠯ ᠳᠤ ᠬᠤᠶᠠᠷ ᠬᠡᠮᠵᠢᠯᠳᠦ ᠺᠣᠳ᠋ ᠳᠠᠭᠠᠯᠳᠤᠭᠤᠯᠵᠤ᠂ ᠡᠯ᠎ᠡ ᠨᠢᠭᠡᠴᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠮᠥᠩᠬᠡ ᠰᠤᠪᠠᠭ ᠤᠨ APP᠎ ᠪᠠᠷ ᠳᠠᠮᠵᠢᠭᠤᠯᠤᠨ ᠬᠢᠷᠢ ᠬᠡᠮ ᠤᠨ ᠦᠨᠡᠮᠯᠡᠯ ᠤᠨ ᠨᠠᠷᠢᠨ ᠮᠡᠳᠡᠭᠡ ᠵᠠᠩᠭᠢ ᠶᠢ ᠣᠯᠵᠤ ᠪᠣᠯᠤᠨ᠎ᠠ᠃  ᠭᠤᠷᠪᠠ᠂ ᠰᠢᠨ᠎ᠡ ᠪᠠᠷ ᠭᠤᠶᠤᠴᠢᠯᠠᠬᠤ ᠬᠢᠷᠢ ᠬᠡᠮ ᠢ ᠮᠠᠭᠠᠳᠯᠠᠨ ᠲᠣᠭᠲᠠᠭᠠᠬᠤ᠂ ᠬᠢᠷᠢ ᠬᠡᠮ ᠤᠨ ᠦᠨᠡᠮᠯᠡᠯ ᠤᠨ ᠮᠡᠳᠡᠭᠡ ᠵᠠᠩᠭᠢ ᠶᠢ ᠬᠤᠪᠢᠷᠠᠭᠤᠯᠬᠤ ᠴᠢᠬᠤᠯᠠᠲᠠᠶ ᠨᠢᠭᠡᠴᠢ ᠨᠦᠭᠦᠳ ︽ᠬᠠᠮᠢᠶᠠᠷᠤᠯᠲᠠ ᠶᠢᠨ ᠠᠷᠭ᠎ᠠ︾᠎ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ ᠢ    ᠪᠡᠯᠡᠳᠬᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠂ ᠰᠦᠯᠵᠢᠶᠡᠨ ᠤ ᠰᠠᠨᠠᠭᠤᠯᠤᠮᠵᠢ ᠶᠢ ᠦᠨᠳᠦᠰᠦᠯᠡᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠢ ᠦᠨᠳᠦᠰᠦᠯᠡᠨ ᠰᠦᠯᠵᠢᠶᠡᠨ ᠳᠡᠭᠡᠷ᠎ᠡ ᠭᠦᠢᠴᠡᠳᠬᠡᠭᠡᠷᠡᠢ᠃ ᠪᠣᠳᠠᠲᠠᠶ ᠠᠷᠭ᠎ᠠ ᠵᠠᠮ ᠪᠣᠯ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ — ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠢᠷᠢ ᠬᠡᠮ ᠢ ᠮᠠᠭᠠᠳᠯᠠᠨ ᠲᠣᠭᠲᠠᠭᠠᠨ᠎ᠠ᠃  ᠳᠥᠷᠪᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠤᠯᠪᠣᠭᠳᠠᠯ ᠪᠥᠬᠦᠶ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠬᠤᠣᠰ ᠲᠤᠬᠢᠶᠠᠯᠳᠤᠮᠵᠢ ᠨᠢᠭᠡ ᠢᠯᠡ︾ ᠵᠡᠷᠭᠡ ᠠᠷᠭ᠎ᠠ ᠮᠠᠶ᠋ᠢᠭ ᠢ ᠠᠪᠴᠤ᠂ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠪᠠᠶᠢᠴᠠᠭᠠᠯᠲᠠ ᠪᠠᠷ ᠳᠠᠮᠵᠢᠭᠠᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠵᠥᠷᠢᠴᠡᠭᠰᠡᠨ᠂ ᠬᠠᠤᠯᠢ ᠲᠣᠭᠲᠠᠭᠠᠯ ᠠᠴᠠ ᠵᠥᠷᠢᠴᠡᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ ᠶᠢᠨ ᠬᠢᠷᠢ ᠬᠡᠮ ᠤᠨ ᠪᠠᠷᠢᠮᠵᠢᠶ᠎ᠠ ᠳᠤ ᠨᠡᠶᠢᠴᠡᠬᠦ ᠥᠬᠡᠶ ᠵᠡᠷᠭᠡ ᠪᠠᠶᠢᠳᠠᠯ ᠣᠷᠣᠰᠢᠵᠤ ᠪᠠᠶᠢᠭ᠎ᠠ ᠨᠢᠭᠡᠴᠢ ᠪᠠ ᠬᠠᠮᠢᠶ᠎ᠠ ᠪᠥᠬᠦᠶ ᠬᠥᠮᠦᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃  ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠶᠢᠨ ᠬᠥᠬᠡᠭᠴᠢᠨ ᠲᠠᠰ ᠤᠨ ᠬᠢᠷᠢ ᠬᠡᠮ ᠤᠨ ᠦᠨᠡᠮᠯᠡᠯ ᠤᠨ ᠬᠤᠭᠤᠴᠠᠭ᠎ᠠ ᠨᠢ ᠲᠤᠯᠵᠤ ᠤᠷᠲᠤᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠥᠰᠥᠭ ﹇ 2020﹈ 603 ᠲᠣᠭᠠᠲᠤ︶᠎ ᠢ ᠳᠠᠭᠢᠵᠤ ᠬᠡᠷᠡᠭᠵᠢᠭᠦᠯᠬᠦ ᠥᠬᠡᠶ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  2024 ᠣᠨ ᠤ 2 ᠳ᠋ᠤᠭᠠᠷ ᠰᠠᠷ᠎ᠠ ᠶᠢᠨ 22᠎ ᠤᠨ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ