2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠳᠤᠮᠳᠠᠳᠤ ᠤᠯᠤᠰ ᠤᠨ ᠭᠠᠵᠠᠷ | ᠰᠢᠨᠵᠢᠯᠡᠭᠡᠨ ᠤ ᠮᠦᠽᠧᠶ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ | ᠬᠦᠷᠢᠶᠡᠯᠡᠩ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠠᠴᠠ ᠳᠠᠭᠠᠭᠠᠨ ᠡᠷᠭᠢᠯᠡᠭᠰᠡᠨ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠨᠣᠭᠤᠭᠠᠷᠠᠵᠤ — | ᠥᠪᠥᠷ ᠮᠣᠩᠭᠤᠯ ᠤᠨ ᠪᠣᠬᠢᠷᠲᠤᠯ ᠥᠬᠡᠶ ᠠᠭᠤᠷᠬᠠᠶ ᠶᠢᠨ ᠣᠨᠴᠠ ᠦᠵᠡᠭᠦᠯᠭᠡ︾ ᠶᠢᠨ ᠠᠵᠢᠯᠯᠠᠭ᠎ᠠ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ | ᠮᠦᠽᠧᠶ ᠳᠤ ᠶᠠᠪᠤᠭᠳᠠᠵᠤ᠂ ᠦᠵᠡᠭᠦᠯᠭᠡ ᠶᠢᠨ ᠬᠤᠭᠤᠴᠠᠭ᠎ᠠ 6 ᠰᠠᠷ᠎ᠠ ᠪᠤᠯᠤᠨ᠎ᠠ᠃ | ᠲᠣᠰ ᠤᠳᠠᠭᠠᠨ ᠤ ᠦᠵᠡᠭᠦᠯᠭᠡ ᠶᠢᠨ ᠴᠤᠭᠯᠠᠭᠠᠨ ᠤ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠪᠠᠶᠢᠵᠤ᠂ ︽ᠪᠣᠬᠢᠷᠲᠤᠯ ᠥᠬᠡᠶ ᠠᠭᠤᠷᠬᠠᠶ — | ᠠᠮᠢ ᠠᠬᠤᠶ ᠶᠢ ᠤᠷᠢᠳ ᠢᠶᠠᠷ ᠬᠡᠷᠡᠭᠵᠢᠭᠦᠯᠬᠦ︾᠂ ︽ᠤᠮᠠᠷᠠᠲᠤ ᠬᠢᠯᠢ ᠳᠦᠭᠦᠷᠡᠩ ᠨᠣᠭᠤᠭᠠᠨ ᠠᠭᠤᠯᠠ ᠤᠰᠤ — ᠡᠷᠡᠮᠡᠬᠡᠶᠢᠯᠡᠨ ᠤᠷᠤᠭᠰᠢᠯᠠᠬᠤ︾᠂ ︽ | ᠪᠣᠬᠢᠷᠲᠤᠯ ᠥᠬᠡᠶ ᠣᠳᠣᠨ — ᠨᠣᠭᠤᠭᠠᠨ ᠥᠩᠭᠡ ᠪᠠᠷ ᠠᠶᠠᠯᠠᠬᠤ︾ ᠭᠤᠷᠪᠠᠨ ᠶᠡᠭᠡ ᠦᠵᠡᠭᠦᠯᠭᠡ ᠶᠢᠨ ᠲᠣᠭᠤᠷᠢᠭ ᠭᠠᠷᠭᠠᠵᠠᠶ᠃ ᠵᠢᠷᠤᠭ ᠪᠢᠴᠢᠭ ᠤᠨ | ᠦᠵᠡᠭᠦᠯᠭᠡ ᠶᠢᠨ ᠰᠠᠮᠪᠠᠷ᠎ᠠ᠂ ᠬᠠᠮ ᠵᠠᠭᠤᠴᠢᠯᠠᠭᠤᠷ ᠤᠨ ᠺᠢᠨᠣ᠋ ᠵᠢᠴᠢ ᠦᠢᠯᠡᠳᠦᠯᠴᠡᠯ᠂ ᠨᠡᠶᠢᠲᠡᠯᠢᠭ ᠠᠭᠤᠷᠬᠠᠶ ᠶᠢᠨ ᠠᠵᠤ ᠠᠬᠤᠶᠢᠯᠠᠯ ᠤᠨ ᠡᠯᠡᠰᠦᠨ ᠴᠠᠷ᠎ᠠ ᠶᠢᠨ | ᠵᠠᠭᠪᠤᠷ ᠵᠢᠴᠢ ᠪᠣᠳᠠᠲᠤ ᠪᠣᠳᠠᠰ ᠤᠨ ᠬᠡᠪ ᠵᠠᠭᠪᠤᠷ᠂ ᠴᠡᠭᠡᠨ ᠭᠡᠷᠡᠯ ᠤᠨ ᠵᠢᠵᠢᠭ ᠥᠷᠥᠭᠡ ᠵᠡᠷᠭᠡ ᠬᠡᠯᠪᠡᠷᠢ ᠪᠠᠷ ᠳᠠᠮᠵᠢᠭᠤᠯᠤᠨ ᠥᠪᠥᠷ ᠮᠣᠩᠭᠤᠯ ᠤᠨ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠡᠷᠭᠡ ᠠᠭᠤᠯᠭ᠎ᠠ ᠶᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠦᠢᠯᠡᠳᠦᠯᠭᠡ᠂ ᠲᠤᠷᠰᠢᠯᠭ᠎ᠠ ᠪᠠ ᠡᠯᠪᠡᠭ ᠦᠷ᠎ᠡ ᠪᠦᠲᠦᠭᠡᠯ ᠢ ᠢᠯᠡᠷᠡᠭᠦᠯᠪᠡ᠃ | ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ | ᠣᠷᠣᠨ ᠢ ᠰᠤᠨᠳᠠᠯᠠᠵᠤ᠂ ᠮᠠᠨ ᠤ ᠤᠯᠤᠰ ᠤᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠲᠤ | ᠣᠷᠣᠨ ᠮᠥᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠮᠥᠨ᠃ ᠥᠪᠥᠷ ᠮᠣᠩᠭᠤᠯ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠬᠤ ᠨᠢ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠪᠣᠯᠬᠤ ᠲᠤᠯᠠ᠂ ᠪᠦᠬᠦ ᠣᠷᠣᠨ ᠳᠤ 52 ᠵᠦᠢᠯ ᠤᠨ ᠠᠭᠤᠷᠬᠠᠶ ᠶᠢᠨ ᠭᠠᠷᠤᠯᠲᠠ ᠶᠢᠨ ᠬᠠᠮᠠᠭᠠᠯᠠᠯᠲᠠ ᠶᠢᠨ ᠡᠬᠢ ᠪᠠᠶᠠᠯᠢᠭ ᠤᠨ | ᠬᠠᠳᠠᠭᠠᠯᠠᠭᠳᠠᠴᠠ ᠪᠦᠬᠦ ᠤᠯᠤᠰ ᠤᠨ ᠡᠮᠦᠨ᠎ᠡ ᠭᠤᠷᠪᠠ ᠳᠤ ᠵᠢᠭᠰᠠᠭᠠᠭᠳᠠᠵᠤ᠂ ᠡᠭᠦᠨ ᠳᠤ ᠨᠡᠭᠦᠷᠡᠰᠦ᠂ ᠬᠤᠪᠣᠷ ᠰᠢᠷᠣᠶ ᠵᠡᠷᠭᠡ 21 ᠵᠦᠢᠯ ᠤᠨ ᠠᠭᠤᠷᠬᠠᠶ ᠶᠢᠨ | ᠭᠠᠷᠤᠯᠲᠠ ᠶᠢᠨ ᠬᠠᠮᠠᠭᠠᠯᠠᠯᠲᠠ ᠶᠢᠨ ᠡᠬᠢ ᠪᠠᠶᠠᠯᠢᠭ ᠤᠨ ᠨᠥᠭᠡᠴᠡ ᠪᠦᠬᠦ ᠤᠯᠤᠰ ᠤᠨ ᠲᠡᠷᠢᠭᠦᠨ ᠪᠠᠶᠢᠷᠢᠨ ᠳᠤ ᠵᠢᠭᠰᠠᠭᠠᠭᠳᠠᠪᠠ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠᠷ ᠠᠭᠤᠷᠬᠠᠶ ᠶᠢᠨ ᠠᠵᠤ | ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠤᠷᠢᠳ ᠬᠤᠵᠢᠳ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ᠂ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠦᠨᠡᠯᠡᠨ ᠵᠢᠱᠢᠬᠦ ᠠᠷᠭ᠎ᠠ᠂ | ᠪᠥᠲᠥᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠭᠦᠢᠴᠡᠳᠭᠡᠯ ᠲᠤᠭ᠎ᠠ ᠵᠡᠷᠭᠡ ᠠᠯᠢ ᠣᠯᠠᠨ ᠲᠦᠷᠢᠮ ᠲᠣᠭᠲᠠᠭᠠᠯ ᠢ ᠲᠣᠭᠲᠠᠭᠠᠵᠤ᠂ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠦᠷᠢᠮ ᠤᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠵᠠᠰᠠᠭ ᠤᠨ ᠣᠷᠳᠣᠨ ᠢᠶᠠᠷ | ᠭᠤᠣᠯᠯᠠᠭᠤᠯᠬᠤ᠂ ᠠᠵᠤ ᠠᠬᠤᠶᠢᠯᠠᠯ ᠡᠷᠬᠢᠯᠡᠨ ᠪᠠᠶᠢᠭᠤᠯᠬᠤ᠂ ᠰᠠᠯᠠᠭ᠎ᠠ ᠮᠥᠴᠢᠷ ᠬᠢᠨᠠᠨ ᠬᠠᠮᠢᠶᠠᠷᠬᠤ᠂ ᠨᠡᠶᠢᠭᠡᠮ ᠠᠴᠠ ᠬᠢᠨᠠᠯᠲᠠ ᠲᠠᠯᠪᠢᠬᠤ ᠪᠠᠶᠢᠭᠤᠯᠤᠯ | ᠲᠣᠭᠲᠠᠴᠠ ᠶᠢ ᠪᠠᠶᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ | ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠪᠥᠬᠦ ᠣᠷᠣᠨ ᠳᠤ ᠨᠡᠶᠢᠲᠡ 344 ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ | ᠵᠢᠭᠰᠠᠭᠠᠯᠲᠠ ᠳᠤ ᠣᠷᠣᠭᠤᠯᠵᠤ᠂ ᠡᠭᠦᠨ ᠳᠤ 47 ᠠᠭᠤᠷᠬᠠᠶ ᠶᠢ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ | ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠥᠪᠥᠷ ᠮᠣᠩᠭᠤᠯ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠢᠯᠡᠷᠬᠡᠶ | ᠰᠠᠶᠢᠵᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠤᠢᠭᠡᠢ ᠨᠡᠮᠡᠭᠳᠡᠭᠦᠯᠵᠦ᠂ ᠠᠭᠤᠷᠬᠠᠶ ᠶᠢᠨ ᠭᠠᠵᠠᠷ ᠤᠨ | ᠡᠶ᠎ᠡ ᠵᠣᠬᠢᠴᠠᠯ ᠲᠠᠢ ᠬᠥᠭᠵᠢᠬᠦ ᠦᠷ᠎ᠡ ᠪᠦᠲᠦᠮᠵᠢ ᠶᠢ ᠢᠯᠡᠳᠲᠡ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ | ᠪᠣᠯᠭᠠᠨ᠎ᠠ᠃ | |