ᠥᠪᠥᠷ ᠮᠣᠩᠭᠤᠯ ᠤᠨ ᠠᠩᠬᠠᠳᠠᠭᠴᠢ ᠠᠭᠤᠷᠬᠠᠶ ᠶᠢᠨ ᠭᠠᠷᠤᠯᠲᠠ ᠭᠠᠵᠠᠷ ᠰᠢᠨᠵᠢᠯᠡᠭᠡᠨ ᠤ ᠣᠶᠢᠯᠠᠯᠭ᠎ᠠ ᠨᠡᠶᠢᠲᠡᠯᠡᠭᠰᠡᠨ ᠠᠴᠠ ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠵᠦ ᠰᠢᠪᠲᠤᠯᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/12
  3 ᠳ᠋ᠤᠭᠠᠷ ᠰᠠᠷ᠎ᠠ ᠶᠢᠨ 11 ᠤ ᠡᠳᠦᠷ᠂ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠡᠪᠬᠡᠮᠡᠯ︾ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠥᠬᠡᠬᠤᠲᠠ ᠳᠤ ᠶᠠᠪᠤᠭᠳᠠᠪᠠ᠃ ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠡᠪᠬᠡᠮᠡᠯ︾ ᠢ ᠣᠯᠠᠨ ᠨᠡᠶᠢᠲᠡ ᠳᠤ ᠠᠯᠪᠠᠨ ᠶᠣᠰᠣᠭᠠᠷ ᠨᠡᠶᠢᠲᠡᠯᠡᠪᠡ᠃ ᠡᠨᠡ ᠪᠣᠯ ᠥᠪᠥᠷ ᠮᠣᠩᠭᠤᠯ ᠤᠨ ᠠᠩᠬᠠᠳᠠᠭᠴᠢ ᠠᠭᠤᠷᠬᠠᠶ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ ᠪᠣᠯᠤᠨ᠎ᠠ᠂ ᠰᠢᠨ᠎ᠡ ᠴᠠᠭ ᠦᠶ᠎ᠡ ᠳᠤ ᠥᠪᠥᠷ ᠮᠣᠩᠭᠤᠯ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠶ ᠶᠢ ᠡᠷᠢᠵᠦ ᠰᠢᠪᠲᠤᠯᠤᠯᠲᠠ ᠬᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠪᠠ ᠠᠭᠤᠷᠬᠠᠶ ᠶᠢᠨ ᠦᠢᠯᠡᠰ ᠤᠨ ᠵᠢᠷᠤᠭ ᠲᠥᠯᠥᠪᠯᠡᠭᠡ ᠶᠢᠨ ᠪᠠᠶᠢᠷᠢᠰᠢᠭᠤᠯᠤᠯᠲᠠ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠤᠨ᠎ᠠ᠃  ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠡᠪᠬᠡᠮᠡᠯ︾ ᠪᠣᠯ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ︾ ᠳᠠᠬᠢ ︽ᠮᠤᠵᠢ ᠶᠢᠨ ᠱᠠᠲᠤᠨ ᠤ ᠣᠶᠢᠯᠠᠯᠭ᠎ᠠ︾ ᠶᠢᠨ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠵᠢᠭᠠᠨ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠠᠴᠠ ᠪᠦᠬᠦ ᠣᠷᠣᠨ ᠤ ᠭᠠᠵᠠᠷ ᠰᠢᠨᠵᠢᠯᠡᠭᠡᠨ ᠤ ᠠᠵᠢᠯ ᠲᠥᠷᠥᠯ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠨᠠᠶᠢᠷᠠᠭᠤᠯᠤᠨ ᠪᠢᠴᠢᠵᠦ ᠳᠠᠭᠤᠰᠬᠠᠨ᠂ 8 ᠵᠢᠯ ᠤᠨ ᠴᠠᠭ ᠵᠠᠷᠤᠴᠠᠭᠤᠯᠵᠤ᠂ ᠥᠪᠥᠷ ᠮᠣᠩᠭᠤᠯ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠣᠷᠣᠨ ᠨᠤᠲᠤᠭ ᠤᠨ ᠣᠶᠢᠯᠠᠯᠭ᠎ᠠ ᠶᠢᠨ ᠬᠤᠭᠤᠰᠤᠨ ᠢ ᠨᠥᠬᠦᠪᠦᠷᠢᠯᠡᠪᠡ᠃  ᠥᠪᠥᠷ ᠮᠣᠩᠭᠤᠯ ᠤᠨ ᠭᠠᠵᠠᠷ ᠨᠤᠲᠤᠭ ᠥᠷᠭᠡᠨ ᠠᠭᠤᠳᠠᠮ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠠᠭᠤᠷᠬᠠᠶ ᠶᠢᠨ ᠲᠥᠷᠥᠯ ᠢᠶᠠᠷ ᠣᠯᠠᠨ᠂ ᠲᠠᠷᠬᠠᠯᠲᠠ ᠶᠢᠨ ᠭᠠᠵᠠᠷ ᠣᠷᠣᠨ ᠢᠶᠠᠷ ᠥᠷᠭᠡᠨ᠂ ᠡᠨᠧᠷᠭᠢ ᠵᠢᠴᠢ ᠴᠢᠬᠤᠯᠠ ᠠᠭᠤᠷᠬᠠᠶ ᠶᠢᠨ ᠭᠠᠷᠤᠯᠲᠠ ᠶᠢᠨ ᠳᠠᠪᠠᠭᠤᠯᠢᠭ ᠢᠯᠡᠷᠬᠡᠶ ᠵᠡᠷᠭᠡ ᠣᠨᠴᠠᠯᠢᠭ ᠲᠠᠢ ᠪᠠᠶᠢᠵᠤ᠂ ᠮᠠᠨ ᠤ ᠤᠯᠤᠰ ᠤᠨ ᠴᠢᠬᠤᠯᠠ ᠡᠨᠧᠷᠭᠢ᠂ ᠥᠩᠭᠡᠲᠦ ᠲᠡᠮᠦᠷᠯᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠵᠢᠴᠢ ᠰᠢᠨ᠎ᠡ ᠪᠠᠷ ᠪᠤᠶ ᠪᠣᠯᠤᠭᠰᠠᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠪᠣᠯᠤᠨ᠎ᠠ᠃ ᠬᠤᠪᠣᠷ ᠰᠢᠷᠣᠢ᠂ ᠨᠢᠤᠪᠢ᠂ ᠮᠥᠩᠭᠦ᠂ ᠬᠠᠷ᠎ᠠ ᠲᠤᠭᠤᠯᠭ᠎ᠠ᠂ ᠴᠠᠶᠢᠷ᠂ ᠨᠡᠭᠦᠷᠡᠰᠦ᠂ ᠡᠩ ᠤᠨ ᠬᠠᠶᠢᠯᠤᠭᠤᠷ ᠵᠣᠩᠰᠢ ᠵᠡᠷᠭᠡ ᠳᠠᠩ ᠠᠭᠤᠷᠬᠠᠢ ᠶᠢᠨ ᠭᠠᠭᠴᠠ ᠲᠦᠷᠦᠯ ᠤᠨ ᠡᠬᠢ ᠪᠠᠶᠠᠯᠢᠭ ᠤᠨ ᠬᠠᠳᠠᠭᠠᠯᠠᠭᠳᠠᠴᠠ ᠪᠦᠬᠦᠢ ᠪᠦᠬᠦ ᠤᠯᠤᠰ ᠲᠤ ᠲᠡᠷᠢᠭᠦᠨ ᠪᠠᠶᠢᠷᠢᠨ ᠳᠤ ᠵᠢᠭᠰᠠᠭᠠᠭᠳᠠᠪᠠ᠃ ︽ᠳᠤᠮᠳᠠᠳᠤ ᠤᠯᠤᠰ ᠤᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠡᠪᠬᠡᠮᠡᠯ︾ ᠨᠢ ᠥᠪᠥᠷ ᠮᠣᠩᠭᠤᠯ ᠤᠨ ᠨᠢᠭᠡᠨᠲᠡ ᠢᠯᠡᠷᠡᠭᠦᠯᠦᠭᠰᠡᠨ 142 ᠵᠦᠢᠯ ᠤᠨ ᠬᠦᠳᠡᠷ᠂ 2735 ᠠᠭᠤᠷᠬᠠᠢ ᠶᠢᠨ ᠭᠠᠷᠤᠯᠲᠠ ᠶᠢᠨ ᠭᠠᠵᠠᠷ ᠵᠢᠴᠢ ᠠᠷᠪᠠᠨ ᠵᠢᠷᠭᠤᠭᠠᠨ ᠭᠤᠷᠪᠠᠳᠤᠭᠠᠷ ᠳᠡᠰ ᠤᠨ ᠡᠷᠦᠳᠡᠰᠦ ᠶᠢᠨ ᠪᠦᠰᠡ ᠶᠢ ᠰᠢᠰᠲ᠋ᠧᠮ ᠲᠠᠢ ᠡᠮᠬᠢᠯᠡᠨ ᠳ᠋ᠦᠩᠨᠡᠵᠦ᠂ ᠬᠦᠳᠡᠷ ᠤᠨ ᠲᠥᠷᠥᠯ᠂ ᠠᠭᠤᠷᠬᠠᠢ ᠶᠢᠨ ᠭᠠᠷᠤᠯᠲᠠ ᠶᠢᠨ ᠭᠠᠵᠠᠷ᠂ ᠡᠷᠦᠳᠡᠰᠦ ᠶᠢᠨ ᠪᠦᠰᠡ ᠭᠤᠷᠪᠠ ᠶᠢ ᠨᠡᠶᠢᠳᠡᠮ ᠪᠦᠷᠬᠦᠭᠦᠯᠵᠦ᠂ ᠪᠦᠬᠦ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠶᠢᠳᠠᠯ ᠢ ᠲᠣᠳᠣᠷᠬᠠᠶ ᠣᠶᠢᠯᠠᠭᠠᠵᠠᠢ᠃ ᠡᠭᠦᠨ ᠤ ᠬᠠᠮᠲᠤ᠂ ︽ᠳᠤᠮᠳᠠᠳᠤ ᠤᠯᠤᠰ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠣᠶᠢᠯᠠᠯᠭ᠎ᠠ · ᠥᠪᠥᠷ ᠮᠣᠩᠭᠤᠯ ᠤᠨ ᠡᠪᠬᠡᠮᠡᠯ︾ ᠨᠢ ᠠᠩᠬ᠎ᠠ ᠤᠳᠠᠭ᠎ᠠ ᠵᠣᠷᠢᠭ᠂ ᠵᠢᠷᠤᠭ᠂ ᠬᠥᠮᠥᠷᠭᠡ᠂ ᠡᠩ ᠤᠨ ᠬᠡᠯᠪᠡᠷᠢ ᠪᠠᠷ ᠥᠪᠥᠷ ᠮᠣᠩᠭᠤᠯ ᠤᠨ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠰᠤᠳᠤᠯᠭᠠᠨ ᠤ ᠦᠷ᠎ᠡ ᠪᠦᠲᠦᠭᠡᠯ ᠢ ᠲᠤᠰᠬᠠᠵᠤ᠂ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠶᠢᠨ ᠭᠠᠵᠠᠷ ᠰᠢᠨᠵᠢᠯᠡᠭᠡ ᠵᠢᠴᠢ ᠡᠷᠦᠳᠡᠰᠦ ᠶᠢᠨ ᠵᠢᠮ᠎ᠡ ᠶᠣᠰᠣᠨ ᠤ ᠰᠤᠳᠤᠯᠭᠠᠨ ᠤ ᠲᠠᠯ᠎ᠠ ᠪᠠᠷ ᠬᠠᠮᠤᠭ ᠤᠨ ᠰᠢᠨ᠎ᠡ᠂ ᠬᠠᠮᠤᠭ ᠤᠨ ᠪᠦᠬᠦ ᠲᠠᠯ᠎ᠠ ᠂ ᠬᠠᠮᠤᠭ ᠤᠨ ᠰᠢᠰᠲ᠋ᠧᠮ ᠲᠠᠢ ᠪᠦᠲᠦᠭᠡᠯ ᠪᠠᠶᠢᠵᠤ᠂ ᠥᠪᠡᠷᠲᠡᠭᠡᠨ ᠵᠠᠰᠠᠬᠤ ᠣᠷᠣᠨ ᠪᠠ ᠪᠦᠬᠦ ᠤᠯᠤᠰ ᠲᠤ ᠪᠦᠬᠦ ᠲᠠᠯ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠪᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ