ᠲᠠ ᠰᠠᠶᠢᠨ ᠤᠤ︖ ︽ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠬᠡᠷ ᠪᠠᠶᠢᠰᠢᠩ ᠪᠠᠷᠢᠬᠤ ᠶᠢ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢᠨ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠠᠯᠪᠠᠨ ᠬᠡᠷ ᠤᠨ ᠬᠥᠳᠡᠭᠡ ᠲᠣᠰᠬᠤᠨ ᠤ ᠲᠠᠷᠢᠶᠠᠨ ᠭᠠᠵᠠᠷ ᠢ | ᠳᠤᠷ᠎ᠠ ᠪᠠᠷ ᠢᠶᠠᠨ ᠡᠵᠡᠯᠡᠵᠦ ᠬᠡᠷ ᠪᠠᠶᠢᠰᠢᠩ ᠪᠠᠷᠢᠬᠤ ᠠᠰᠠᠭᠤᠳᠠᠯ ᠢ ᠤᠶᠢᠯᠠᠭᠠᠨ ᠵᠢᠭᠰᠠᠭᠠᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠵᠣᠬᠢᠴᠠᠭᠤᠯᠬᠤ ᠲᠣᠭᠲᠠᠴᠠ ᠠᠯᠪᠠᠨ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠦᠨᠳᠦᠰᠦᠯᠡᠨ᠂ ᠦᠯᠡᠳᠡᠭᠡᠯ ᠠᠰᠠᠭᠤᠳᠠᠯ ᠪᠠ ᠰᠢᠨ᠎ᠡ ᠪᠠᠷ ᠨᠡᠮᠡᠭᠳᠡᠭᠰᠡᠨ ᠠᠰᠠᠭᠤᠳᠠᠯ ᠨᠢ ᠲᠠᠷᠢᠶᠠᠨ ᠭᠠᠵᠠᠷ ᠤᠨ ᠬᠡᠪᠴᠢᠶ᠎ᠡ ᠶᠢ ᠮᠠᠭᠠᠳᠯᠠᠨ ᠲᠣᠭᠲᠠᠭᠠᠬᠤ | ᠲᠠᠯ᠎ᠠ ᠪᠠᠷ ᠨᠢᠭᠡᠳᠦᠯᠲᠡᠶ ᠪᠠᠶᠢᠬᠤ ᠬᠡᠷᠡᠭᠲᠡᠢ᠃ ᠰᠢᠨ᠎ᠡ ᠪᠠᠷ ᠨᠡᠮᠡᠭᠳᠡᠭᠰᠡᠨ ᠠᠰᠠᠭᠤᠳᠠᠯ ᠳᠤ ᠲᠣᠭᠠᠴᠠᠭᠳᠠᠬᠤ ᠡᠰᠡᠬᠦ ᠶᠢᠨ ᠲᠤᠬᠠᠢ ᠦᠨᠡᠨ ᠠᠴᠠ ᠵᠥᠪ ᠢ ᠡᠷᠢᠵᠦ᠂ | ᠭᠠᠵᠠᠷ ᠣᠷᠣᠨ ᠤ ᠣᠳᠣᠬᠢ ᠪᠠᠶᠢᠳᠠᠯ᠂ ᠲᠡᠦᠬᠡ ᠶᠢᠨ ᠤᠯᠠᠷᠢᠯ ᠬᠤᠪᠢᠰᠤᠯ ᠵᠡᠷᠭᠡ ᠬᠦᠴᠦᠨ ᠵᠦᠢᠯ ᠲᠠᠢ ᠤᠶᠠᠯᠳᠤᠭᠤᠯᠤᠨ ᠶᠡᠷᠦᠩᠬᠡᠶᠢᠯᠡᠨ ᠮᠠᠭᠠᠳᠯᠠᠨ | ᠲᠣᠭᠲᠠᠭᠠᠬᠤ ᠬᠡᠷᠡᠭᠲᠡᠢ᠃ ᠡᠭᠦᠨ ᠠᠴᠠ ᠭᠠᠳᠠᠨ᠎ᠠ᠂ ︽ᠤᠭᠲᠤ ᠠᠭᠤᠴᠢᠯᠠᠬᠤ ᠦᠭᠡᠢ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠠᠰᠠᠭᠤᠳᠠᠯ ᠢ ᠬᠤᠷᠢᠭᠯᠠᠬᠤ | ᠪᠣᠯ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠤᠯᠢ ᠶᠢ ᠵᠥᠷᠢᠴᠡᠭᠰᠡᠨ ᠪᠠᠶᠢᠳᠠᠯ ᠢ ᠴᠠᠭ ᠲᠤᠬᠠᠢ ᠳᠤᠨᠢ | ᠠᠷᠢᠯᠭᠠᠬᠤ ᠶᠢ ᠱᠠᠭᠠᠷᠳᠠᠵᠤ ᠪᠠᠶᠢᠭ᠎ᠠ ᠶᠠᠪᠤᠳᠠᠯ ᠪᠣᠯᠣᠨ᠎ᠠ᠂ ᠵᠢᠱᠢᠶᠡᠯᠡᠪᠡᠯ ᠭᠠᠵᠠᠷ ᠬᠡᠷᠡᠭᠯᠡᠬᠦ ᠭᠠᠷ ᠭᠦᠢᠴᠡᠳᠬᠡᠯ ᠢ ᠬᠠᠤᠯᠢ ᠶᠣᠰᠣᠭᠠᠷ ᠲᠡᠭᠦᠯᠳᠡᠷᠵᠢᠭᠦᠯᠬᠦ ᠠᠴᠠ | ᠪᠢᠰᠢ᠂ ᠬᠠᠷᠢᠨ ᠪᠦᠭᠦᠳᠡ ᠶᠢ ᠨᠤᠷᠠᠭᠠᠵᠤ ᠳᠠᠬᠢᠨ ᠬᠠᠭᠠᠯᠪᠤᠷᠢᠯᠠᠬᠤ ᠶᠢ ᠱᠠᠭᠠᠷᠳᠠᠵᠤ ᠪᠠᠶᠢᠭ᠎ᠠ ᠪᠢᠰᠢ᠂ ᠬᠡᠲᠦ ᠳᠥᠭᠦᠮᠴᠢᠯᠡᠬᠦ ᠠᠴᠠ ᠵᠠᠶᠢᠯᠠᠰᠭᠢᠵᠤ᠂ ︽ᠨᠢᠭᠡ ᠯᠡ | ᠠᠳᠠᠯᠢ ᠪᠠᠷ ᠱᠠᠭᠠᠷᠳᠠᠬᠤ︾ ᠶᠠᠪᠤᠳᠠᠯ ᠪᠢᠰᠢ ᠶᠤᠮ᠃ | |