ᠪᠥᠬᠦ ᠤᠯᠤᠰ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ
ᠨᠡᠶᠢᠲᠡᠯᠡᠭᠰᠡᠨ ᠴᠠᠭ᠄
2024/3/13
  ᠲᠠ ᠰᠠᠶᠢᠨ ᠤᠤ᠂ 2017 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠢᠷᠢ ᠭᠡᠮ ᠢ ᠬᠦᠴᠦᠨ ᠥᠬᠡᠢ ᠪᠣᠯᠭᠠᠬᠤ ᠬᠢᠨᠠᠨ ᠵᠦᠪᠰᠢᠶᠡᠷᠡᠯ ᠢ  ᠨᠡᠶᠢᠲᠡᠯᠡᠵᠦ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠭᠠᠬᠤ ᠶᠢ ᠱᠠᠭᠠᠷᠳᠠᠪᠠ᠃ ᠮᠠᠨ ᠤ ᠶᠠᠮᠤᠨ ᠲᠣᠰ ᠱᠠᠭᠠᠷᠳᠠᠯᠭ᠎ᠠ ᠶᠣᠰᠣᠭᠠᠷ᠂ ︽ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠳᠠᠷᠤᠮᠠᠯᠯᠠᠨ ᠲᠠᠷᠬᠠᠭᠠᠵᠤ᠂ ︽ᠪᠥᠬᠦ ᠤᠯᠤᠰ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾᠎ ᠢ ᠨᠢᠭᠡᠳᠦᠯᠲᠡᠶ ᠪᠠᠶᠢᠭᠤᠯᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠨᠢᠭᠡᠴᠢ ᠶᠢᠨ ᠦᠨᠳᠦᠰᠦᠨ ᠮᠡᠳᠡᠭᠡ ᠵᠠᠩᠭᠢ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯᠯᠠᠭ᠎ᠠ ᠶᠢᠨ ᠮᠡᠳᠡᠭᠡ ᠵᠠᠩᠭᠢ ᠵᠢᠴᠢ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠴᠤᠭᠯᠠᠭᠤᠯᠤᠨ ᠬᠠᠮᠲᠤ ᠪᠠᠷ ᠡᠳ᠋ᠯᠡᠨ᠎ᠡ᠃ ᠬᠡᠷᠪᠡ ᠬᠢᠨᠠᠨ ᠬᠠᠮᠢᠶᠠᠷᠬᠤ ᠦᠢᠯᠡᠴᠢᠯᠡᠭᠡᠨ ᠤ ᠲᠠᠪᠴᠠᠩ ᠤᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠤᠮᠳᠠ ᠮᠡᠷᠭᠡᠵᠢᠯ ᠤᠨ ᠠᠰᠠᠭᠤᠳᠠᠯ ᠲᠤᠯᠭᠠᠷᠠᠪᠠᠯ᠂ ᠠᠰᠠᠭᠤᠨ ᠯᠠᠪᠯᠠᠬᠤ ᠤᠲᠠᠰᠤ 010 — 63882429᠃ 
ᠢᠷᠡᠯᠲᠡ᠄ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ