ᠠᠮᠢ ᠠᠬᠤᠢ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢᠨ ᠠᠷᠭ᠎ᠠ ᠎ ᠶᠢᠨ ᠵᠥᠪ ᠲᠠᠯ᠎ᠠ ᠶᠢᠨ ᠨᠠᠷᠢᠨ ᠳᠠᠩᠰᠠ ᠳᠤ ᠵᠢᠭᠠᠵᠤ ᠭᠠᠷᠭᠠᠭᠰᠠᠨ ᠨᠢ ᠤᠤᠯ ᠤᠨ ᠰᠠᠭᠤᠭᠠᠯᠢ ᠠᠷᠠᠳ ᠤᠨ ᠦᠨᠳᠦᠰᠦᠨ ᠦᠢᠯᠡᠳᠪᠦᠷᠢᠯᠡᠯ ᠠᠮᠢᠳᠤᠷᠠᠯ ᠤᠨ ᠠᠵᠢᠯᠯᠠᠭ᠎ᠠ ᠎ ᠶᠢ ᠪᠠᠲᠤᠯᠠᠬᠤ ᠬᠡᠷᠡᠭᠲᠡᠢ ᠭᠡᠵᠦ ᠳᠤᠷᠠᠳᠤᠭᠰᠠᠨ ᠪᠤᠯᠪᠠᠴᠤ ᠬᠠᠭᠤᠴᠢᠨ ᠢ ᠨᠤᠷᠠᠭᠠᠵᠤ ᠰᠢᠨ᠎ᠡ ᠶᠢ ᠪᠠᠶᠢᠭᠤᠯᠤᠨ᠎ᠠ ᠭᠡᠵᠤ ᠬᠡᠯᠡᠭᠰᠡᠨ ᠦᠭᠡᠢ᠂ ᠲᠡᠭᠡᠪᠡᠯ ᠠᠮᠢ ᠠᠬᠤᠢ ᠶᠢᠨ ᠤᠯᠠᠭᠠᠨ ᠱᠤᠭᠤᠮ ᠤᠨ ᠣᠷᠣᠨ ᠳᠣᠲᠣᠷ᠎ᠠ ᠬᠠᠭᠤᠴᠢᠨ ᠢ ᠨᠤᠷᠠᠭᠠᠵᠤ ᠰᠢᠨ᠎ᠡ ᠶᠢ ᠪᠠᠶᠢᠭᠤᠯᠵᠤ ᠪᠣᠯᠤᠨ᠎ᠠ ᠤᠤ ᠦᠭᠡᠢ ᠦᠦ︖ ᠬᠡᠷᠪᠡ ᠪᠣᠯᠬᠤ ᠦᠭᠡᠢ ᠪᠣᠯ᠂ ᠤᠯᠤᠰ ᠠᠴᠠ ᠤᠤᠯ ᠤᠨ ᠰᠠᠭᠤᠭᠠᠯᠢ ᠠᠷᠠᠳ ᠤᠨ ᠲᠥᠯᠥᠪᠦᠷᠢ ᠲᠠᠢ ᠪᠠᠷ ᠤᠬᠤᠷᠢᠬᠤ ᠲᠣᠭᠲᠠᠴᠠ ᠶᠢ ᠪᠠᠶᠢᠭᠤᠯᠤᠨ᠎ᠠ ᠤᠤ︖
ᠨᠡᠶᠢᠲᠡᠯᠡᠭᠰᠡᠨ ᠴᠠᠭ᠄
2024/3/13
  ᠲᠠ ᠰᠠᠶᠢᠨ ᠤᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ  ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠭᠤᠷᠪᠠᠨ ᠡᠵᠡᠮᠳᠡᠬᠦ ᠱᠤᠭᠤᠮ ᠢ ᠨᠢᠭᠡᠳᠦᠯᠲᠡᠶ ᠲᠥᠯᠥᠪᠯᠡᠨ ᠲᠣᠭᠲᠠᠭᠠᠵᠤ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ︵ᠲᠢᠩᠬᠢᠮ ᠥᠰᠥᠭ ﹇2019﹈ 48 ᠳ᠋ᠤᠭᠠᠷ ᠲᠣᠭᠠᠲᠤ︶᠎ ᠤᠨ ᠲᠣᠭᠲᠠᠭᠠᠯ ᠢ ᠦᠨᠳᠦᠰᠦᠯᠡᠨ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠬᠠᠮᠠᠭᠠᠯᠠᠯᠲᠠ ᠶᠢᠨ ᠣᠷᠣᠨ ᠢ ᠵᠠᠷᠴᠢᠮ ᠳᠡᠭᠡᠷ᠎ᠡ ᠪᠠᠨ ᠵᠣᠷᠢᠭᠤᠳᠠ ᠶᠢᠨ ᠠᠵᠢᠯᠯᠠᠭ᠎ᠠ ᠶᠢ ᠴᠠᠭᠠᠵᠠᠯᠠᠵᠤ᠂ ᠪᠤᠰᠤᠳ ᠣᠷᠣᠨ ᠪᠦᠰᠡ ᠳᠤ ᠨᠡᠭᠡᠭᠡᠨ ᠬᠥᠭᠵᠢᠭᠦᠯᠬᠦ ᠴᠢᠨᠠᠷᠲᠠᠶ᠂ ᠦᠢᠯᠡᠳᠪᠦᠷᠢᠯᠡᠯ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠤᠷᠢᠲᠠᠯ ᠳᠣᠤᠷ᠎ᠠ᠂ ︽ᠤᠤᠯ ᠤᠨ ᠰᠠᠭᠤᠭᠠᠯᠢ ᠠᠷᠠᠳ ᠣᠳᠣ ᠶᠢᠨ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠲᠠᠷᠢᠶᠠᠨ ᠭᠠᠵᠠᠷ ᠤᠨ ᠬᠡᠪᠴᠢᠶ᠎ᠡ ᠪᠠᠨ ᠥᠷᠭᠡᠳᠬᠡᠬᠦ ᠥᠬᠡᠶ ᠪᠠᠶᠢᠬᠤ ᠤᠷᠢᠲᠠᠯ ᠳᠣᠤᠷ᠎ᠠ᠂ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠪᠠᠨ ᠰᠡᠯᠪᠢᠨ ᠵᠠᠰᠠᠬᠤ︾᠎ ᠶᠢ ᠵᠥᠪᠰᠢᠶᠡᠷᠡᠨ᠎ᠡ᠃ 
ᠢᠷᠡᠯᠲᠡ᠄ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ