ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠪᠡᠭᠡᠵᠢᠩ ᠤᠨ 3 ᠳ᠋ᠤᠭᠠᠷ ᠰᠠᠷ᠎ᠠ ᠶᠢᠨ 7 ᠤ ᠡᠳᠦᠷ ᠤᠨ | ᠴᠠᠬᠢᠯᠭᠠᠨ ᠮᠡᠳᠡᠭᠡ ︵ᠶᠢᠨ ᠴᠢᠶᠠᠨ ᠶᠦᠨ︶ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠣᠯ ᠮᠠᠨ ᠤ | ᠤᠯᠤᠰ ᠤᠨ ᠠᠭᠤᠷᠬᠠᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠣᠨ᠎ᠠ᠃ ᠣᠶᠢᠷ᠎ᠠ ᠳᠤ᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠨᠣᠭᠤᠭᠠᠨ ᠥᠩᠭᠡ ᠪᠠᠷ ᠠᠶᠠᠯᠠᠬᠤ — ᠥᠪᠥᠷ | ᠮᠣᠩᠭᠤᠯ ᠤᠨ ᠪᠣᠬᠢᠷᠲᠤᠯ ᠥᠬᠡᠶ ᠠᠭᠤᠷᠬᠠᠶ ᠶᠢᠨ ᠣᠨᠴᠠ ᠦᠵᠡᠭᠦᠯᠭᠡ︾ ᠨᠢ ᠳᠤᠮᠳᠠᠳᠤ ᠤᠯᠤᠰ ᠤᠨ ᠭᠠᠵᠠᠷ | ᠰᠢᠨᠵᠢᠯᠡᠭᠡᠨ ᠤ ᠮᠦᠽᠧᠶ ᠳᠤ ᠶᠠᠪᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠪᠡᠭ ᠪᠠᠶᠠᠯᠢᠭ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠢᠴᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠳᠡᠯᠭᠡᠨ ᠦᠵᠡᠭᠦᠯᠪᠡ᠃ | ᠥᠪᠥᠷ ᠮᠣᠩᠭᠤᠯ ᠪᠣᠯ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠣᠮᠣ ᠣᠷᠣᠨ᠂ ᠮᠠᠨ ᠤ ᠤᠯᠤᠰ ᠤᠨ | ᠴᠢᠬᠤᠯᠠ ᠡᠨᠧᠷᠭᠢ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠨᠡᠭᠦᠷᠡᠰᠦ᠂ ᠬᠤᠪᠣᠷ ᠰᠢᠷᠣᠶ ᠵᠡᠷᠭᠡ 21 ᠵᠦᠢᠯ ᠤᠨ | ᠴᠢᠬᠤᠯᠠ ᠠᠭᠤᠷᠬᠠᠶ ᠶᠢᠨ ᠭᠠᠷᠤᠯᠲᠠ ᠶᠢᠨ ᠪᠠᠲᠤᠯᠠᠭ᠎ᠠ ᠶᠢᠨ ᠡᠬᠢ ᠪᠠᠶᠠᠯᠢᠭ ᠤᠨ ᠬᠡᠮᠵᠢᠶ᠎ᠡ ᠪᠥᠬᠦ ᠤᠯᠤᠰ ᠤᠨ ᠲᠡᠷᠢᠭᠦᠨ ᠳᠤ | ᠣᠷᠣᠪᠠ᠃ ᠭᠡᠪᠡᠴᠦ ᠬᠥᠭᠵᠢᠯᠲᠡ ᠶᠢᠨ ᠶᠠᠪᠤᠴᠠ ᠳᠤ ᠠᠮᠢ ᠠᠬᠤᠢ ᠶᠢᠨ ᠣᠷᠴᠢᠨ ᠲᠣᠭᠤᠷᠢᠨ ᠢ ᠬᠡᠷᠬᠢᠨ ᠬᠠᠮᠠᠭᠠᠯᠠᠵᠤ᠂ | ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠠᠬᠢᠭᠤᠯᠬᠤ ᠳᠤ ︽ᠵᠠᠪᠠᠯ | ᠬᠠᠷᠢᠭᠤᠯᠬᠤ ᠰᠡᠳᠦᠪ︾ ᠪᠣᠯᠭᠠᠬᠤ ᠬᠡᠷᠡᠭᠲᠡᠢ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠷᠢᠳ ᠬᠤᠵᠢᠳ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠲᠥᠰᠦᠯ᠂ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠦᠨᠡᠯᠡᠨ ᠵᠢᠱᠢᠬᠦ ᠠᠷᠭ᠎ᠠ᠂ | ᠪᠥᠲᠥᠭᠡᠨ ᠪᠠᠶᠢᠭᠤᠯᠤᠯᠲᠠ ᠶᠢᠨ ᠦᠨᠡᠯᠡᠯᠲᠡ ᠶᠢᠨ ᠭᠦᠢᠴᠡᠳᠭᠡᠯ ᠲᠤᠭ᠎ᠠ ᠵᠡᠷᠭᠡ ᠠᠯᠢ ᠣᠯᠠᠨ ᠲᠦᠷᠢᠮ ᠲᠣᠭᠲᠠᠭᠠᠯ ᠢ | ᠲᠣᠭᠲᠠᠭᠠᠨ ᠨᠡᠶᠢᠲᠡᠯᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠪᠠ᠃ | | ᠪᠦᠷᠢᠳᠭᠡᠯ ᠢ ᠦᠨᠳᠦᠰᠦᠯᠡᠪᠡᠯ᠂ 2011 ᠣᠨ ᠠᠴᠠ 2014 ᠣᠨ ᠪᠣᠯᠲᠠᠯ᠎ᠠ᠂ ᠥᠪᠥᠷ ᠮᠣᠩᠭᠤᠯ ᠤᠨ 35 | ᠠᠭᠤᠷᠬᠠᠢ ᠤᠯᠤᠰ ᠤᠨ ᠳᠡᠰ ᠤᠨ ᠪᠣᠬᠢᠷᠲᠤᠯ ᠦᠭᠡᠢ ᠠᠭᠤᠷᠬᠠᠢ ᠶᠢᠨ ᠲᠤᠷᠰᠢᠯᠲᠠ ᠪᠠᠷ ᠰᠣᠩᠭᠤᠭᠳᠠᠪᠠ᠃ 2023 ᠣᠨ ᠤ | ᠡᠴᠦᠰ ᠪᠣᠯᠲᠠᠯ᠎ᠠ᠂ ᠪᠥᠬᠦ ᠣᠷᠣᠨ ᠳᠤ ᠨᠡᠶᠢᠲᠡ 344 ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ | ᠵᠢᠭᠰᠠᠭᠠᠯᠲᠠ ᠳᠤ ᠣᠷᠣᠭᠤᠯᠵᠤ᠂ ᠡᠭᠦᠨ ᠳᠤ 47 ᠠᠭᠤᠷᠬᠠᠶ ᠶᠢ ᠤᠯᠤᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ | ᠵᠢᠭᠰᠠᠭᠠᠯᠲᠠ ᠳᠤ ᠣᠷᠣᠭᠤᠯᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠬᠦᠴᠦᠯᠡᠨ | ᠠᠬᠢᠭᠤᠯᠬᠤ ᠶᠢᠨ ᠬᠠᠮᠲᠤ ᠰᠡᠷᠭᠦᠭᠡᠨ ᠵᠠᠰᠠᠬᠤ ᠶᠢ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ᠂ | ᠲᠡᠭᠡᠭᠡᠪᠦᠷᠢ ᠵᠡᠷᠭᠡ ᠭᠤᠭᠴᠤᠭ᠎ᠠ ᠳᠤ ᠬᠦᠷᠲᠡᠯ᠎ᠡ ᠥᠷᠭᠡᠳᠬᠡᠵᠦ᠂ ᠠᠭᠤᠷᠬᠠᠶ ᠶᠢᠨ ᠣᠷᠣᠨ ᠤ ᠪᠦᠬᠦᠯᠢ ᠴᠣᠭᠴᠠ ᠶᠢᠨ | ᠣᠷᠴᠢᠨ ᠲᠣᠭᠤᠷᠢᠨ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠪᠠ᠃ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ᠂ ᠥᠪᠥᠷ ᠮᠣᠩᠭᠤᠯ ᠤᠨ | ᠮᠠᠰᠢ ᠣᠯᠠᠨ ᠠᠭᠤᠷᠬᠠᠶ ᠶᠢᠨ ᠣᠷᠣᠨ ᠤ ᠰᠢᠨ᠎ᠡ ᠶᠢ ᠡᠭᠦᠳᠬᠦ ᠰᠡᠳᠬᠢᠮᠵᠢ᠂ ᠠᠮᠢ ᠠᠬᠤᠶ ᠶᠢᠨ ᠬᠡᠷᠡᠯ ᠴᠡᠨᠡᠭ᠂ | ᠠᠭᠤᠷᠬᠠᠶ ᠶᠢᠨ ᠣᠷᠣᠨ ᠤ ᠵᠢᠭᠤᠯᠴᠢᠯᠠᠯ᠂ ᠣᠷᠣᠨ ᠨᠤᠲᠤᠭ ᠪᠠ ᠠᠵᠤ ᠠᠬᠤᠶᠢᠯᠠᠯ ᠤᠨ ᠠᠭᠤᠰᠤᠯᠴᠠᠯ ᠵᠡᠷᠭᠡ ᠵᠠᠭᠪᠤᠷ ᠢ ᠪᠣᠶ | ᠪᠣᠯᠭᠠᠵᠤ᠂ ᠮᠠᠨ ᠤ ᠤᠯᠤᠰ ᠤᠨ ᠠᠭᠤᠷᠬᠠᠶ ᠶᠢᠨ ᠣᠷᠣᠨ ᠤ ᠪᠣᠬᠢᠷᠲᠤᠯ ᠥᠬᠡᠶ ᠬᠥᠭᠵᠢᠯᠲᠡ ᠳᠤ ᠰᠡᠩᠬᠡᠷᠡᠭᠦᠯᠦᠯ ᠬᠠᠩᠭᠠᠨ᠎ᠠ᠃ | | ᠣᠷᠳᠣᠰ ᠬᠤᠲᠠ ᠶᠢᠨ ᠪᠤᠷᠲᠠᠢ ᠨᠡᠭᠦᠷᠡᠰᠦᠨ ᠠᠭᠤᠷᠬᠠᠢ ᠪᠠᠷ ᠵᠢᠱᠢᠶᠡᠯᠡᠪᠡᠯ᠂ ᠲᠡᠭᠦᠨ ᠤ ᠨᠡᠭᠦᠷᠡᠰᠦ ᠮᠠᠯᠲᠠᠭᠰᠠᠨ ᠠᠴᠠ | ᠪᠣᠯᠵᠤ ᠳᠣᠷᠣᠭᠰᠢ ᠰᠠᠭᠤᠭᠰᠠᠨ ᠣᠷᠣᠨ ᠢ ᠠᠰᠢᠭᠯᠠᠨ ︽ᠠᠮᠢ ᠠᠬᠤᠢ + ᠭᠡᠷᠡᠯ ᠴᠡᠨᠡᠭ︾ ᠢ ᠬᠥᠭᠵᠢᠭᠦᠯᠵᠦ᠂ ᠠᠮᠢ | ᠠᠬᠤᠢ ᠶᠢ ᠰᠡᠷᠭᠦᠭᠡᠬᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠠᠰᠢᠭᠯᠠᠯᠲᠠ ᠶᠢ ᠨᠡᠶᠢᠭᠡᠮ ᠲᠣᠭᠤᠷᠢᠭ ᠤᠨ | ᠬᠠᠷᠠᠭᠠᠯᠵᠠᠯ ᠲᠠᠢ ᠬᠠᠮᠲᠤᠪᠠᠷ ᠡᠳ᠋ᠯᠡᠬᠦ ᠵᠡᠷᠭᠡ ᠲᠠᠢ ᠠᠭᠤᠰᠤᠯᠴᠠᠭᠤᠯᠤᠨ᠎ᠠ᠃ ᠣᠶᠢᠯᠠᠭᠠᠭᠰᠠᠨ ᠢᠶᠠᠷ᠂ ᠲᠣᠰ ᠲᠥᠷᠥᠯ | ᠵᠦᠢᠯ ᠳᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 50 ᠲᠦᠮᠡᠨ ᠺᠢᠯᠣᠸᠠᠲ ᠤᠨ ᠬᠡᠷᠡᠯ ᠴᠡᠨᠡᠭ ᠤᠨ ᠴᠠᠬᠢᠯᠭᠠᠨ | ᠥᠷᠲᠡᠭᠡ ᠪᠠᠶᠢᠵᠤ᠂ ᠵᠢᠯ ᠤᠨ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 9 ᠲᠦᠮᠡᠨ ᠺᠢᠯᠣᠸᠠᠲ ᠴᠠᠭ ᠲᠤ | ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 2.55 ᠳ᠋ᠦᠩᠰᠢᠭᠤᠷ ᠲᠥᠭᠦᠷᠢᠭ ᠲᠤ ᠬᠦᠷᠴᠦ᠂ ᠭᠠᠶᠢᠯᠢ | ᠲᠠᠲᠠᠪᠤᠷᠢ ᠶᠢᠨ ᠣᠷᠣᠯᠭ᠎ᠠ ᠨᠢ ᠪᠠᠷᠤᠭ 5 ᠮᠢᠩᠭᠠᠨ ᠲᠦᠮᠡᠨ ᠲᠥᠭᠦᠷᠢᠭ ᠲᠤ ᠬᠦᠷᠴᠦ᠂ ᠲᠤᠬᠠᠶ ᠶᠢᠨ ᠭᠠᠵᠠᠷ ᠤᠨ ᠮᠠᠯᠴᠢᠨ | ᠲᠠᠷᠢᠶᠠᠴᠢᠨ ᠤ ᠬᠥᠮᠦᠨ ᠪᠦᠷᠢ ᠳᠤ ᠵᠢᠯ ᠪᠦᠷᠢ 1000 ᠲᠥᠭᠦᠷᠢᠭ ᠤᠨ ᠲᠣᠭᠲᠠᠮᠠᠯ ᠣᠷᠣᠯᠭ᠎ᠠ ᠨᠡᠮᠡᠭᠳᠡᠭᠦᠯᠬᠦ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ | ᠪᠦᠬᠦᠢ ᠠᠵᠢᠯᠲᠠᠨ ᠢᠯᠡᠷᠬᠡᠶᠢᠯᠡᠬᠦ ᠳᠡᠭᠡᠨ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠳᠤ ᠣᠷᠴᠢᠨ ᠲᠣᠭᠤᠷᠢᠨ ᠢ ᠠᠮᠢ ᠠᠬᠤᠶᠢᠵᠢᠭᠤᠯᠬᠤ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠰᠢᠨᠵᠢᠯᠡᠬᠦ | ᠤᠬᠠᠭᠠᠨᠴᠢᠯᠠᠬᠤ᠂ ᠡᠬᠢ ᠪᠠᠶᠠᠯᠢᠭ ᠤᠨ ᠠᠰᠢᠭᠯᠠᠯᠲᠠ ᠶᠢ ᠥᠨᠳᠥᠷ ᠦᠷ᠎ᠡ ᠪᠦᠲᠦᠮᠵᠢᠲᠡᠶ ᠪᠣᠯᠭᠠᠬᠤ᠂ ᠬᠠᠮᠢᠶᠠᠷᠤᠯᠲᠠ ᠶᠢᠨ | ᠮᠡᠳᠡᠭᠡ ᠵᠠᠩᠭᠢ ᠶᠢ ᠲᠣᠭᠠᠵᠢᠭᠤᠯᠬᠤ ᠪᠠ ᠠᠭᠤᠷᠬᠠᠶ ᠶᠢᠨ ᠣᠷᠣᠨ ᠤ ᠨᠡᠶᠢᠭᠡᠮ ᠲᠣᠭᠤᠷᠢᠭ ᠡᠶ᠎ᠡ ᠵᠣᠬᠢᠴᠠᠯ ᠲᠠᠢ ᠪᠣᠯᠭᠠᠬᠤ ᠶᠢ | ᠪᠡᠶᠡᠯᠡᠭᠦᠯᠵᠦ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠨᠡᠭᠡᠭᠡᠬᠦ ᠪᠥᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ ᠭᠡᠵᠡᠶ᠃ | |