ᠠᠷᠠᠣᠠ ᠤᠨ ᠡᠳᠦᠷ ᠤᠨ ᠰᠣᠨᠢᠠ ᠤ ᠪᠡᠬᠡᠵᠢᠩ ᠤᠨ 3 ᠳ᠋ᠤᠭᠠᠷ ᠰᠠᠷ᠎ᠠ ᠶᠢᠨ 17 ᠤ ᠡᠳᠦᠷ ᠤᠨ ᠴᠠᠬᠢᠯᠭᠠᠨ ᠮᠠᠲᠡᠭᠡ ︵ᠰᠤᠷᠪᠤᠯᠵᠢᠯᠠᠭᠴᠢ ᠴᠠᠩ ᠴᠢᠨ︶ | ᠰᠤᠷᠪᠤᠯᠵᠢᠯᠠᠭᠴᠢ ᠪᠠᠶᠢᠭᠠᠯᠢ ᠶᠢᠨ ᠡᠭᠢ ᠪᠠᠶᠠᠯᠢᠭ ᠤᠨ ᠶᠠᠮᠤᠨ ᠠᠴᠠ ᠤᠶᠢᠯᠠᠭᠠᠵᠤ ᠮᠡᠲᠡᠭᠰᠡᠨ᠄ ᠲᠦᠷᠦᠭᠦᠭᠡᠨ᠂ ᠳᠤᠮᠲᠠᠲᠦ ᠤᠯᠤᠰ ᠤᠨ ᠤᠯᠤᠰ ᠤᠨ ᠭᠠᠵᠠᠷ | ᠰᠢᠷᠤᠢ ᠶᠢᠨ ᠬᠠᠶᠢᠨ ᠬᠡᠮᠵᠢᠯᠲᠡ ᠶᠢᠨ ᠲᠦᠯᠦᠪᠵᠢᠭᠦᠯᠬᠡ ᠶᠢᠨ ᠬᠦᠷᠢᠶᠡᠯᠡᠩ ᠠᠴᠠ ︽ᠪᠦᠭᠦ ᠤᠯᠤᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠠᠷᠪᠢᠲᠠᠢ ᠡᠷᠴᠢᠮᠯᠢᠭ ᠠᠰᠢᠭᠯᠠᠬᠤ ᠶᠡᠷᠦᠩᠭᠡᠢ ᠵᠢᠭᠠᠯᠲᠠ ᠲᠤᠭ᠎ᠠ ︵2023︶︾ ᠶᠢᠨ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠪᠡ᠃ ᠶᠡᠷᠦᠩᠬᠡᠢ | ᠵᠢᠭᠠᠯᠲᠠ ᠲᠤᠭ᠎ᠠ ᠶᠢ ᠲᠥᠰᠥᠭᠡᠯᠡᠨ ᠪᠣᠳᠣᠭᠰᠠᠨ ᠦᠷ᠎ᠡ ᠳ᠋ᠦᠩ ᠠᠴᠠ ᠦᠵᠡᠪᠡᠯ᠂ 2020 — 2022 ᠣᠨ ᠳᠤ᠂ ᠪᠦᠬᠦ ᠤᠯᠤᠰ ᠤᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠢ ᠡᠷᠴᠢᠮᠯᠢᠭ ᠠᠰᠢᠭᠯᠠᠬᠤ ᠪᠠᠶᠢᠳᠠᠯ ᠦᠷᠭᠦᠯᠵᠢᠯᠡᠨ ᠰᠠᠶᠢᠵᠢᠷᠠᠬᠤ ᠶᠡᠷᠦᠩᠬᠡᠢ ᠪᠠᠶᠢᠳᠠᠯ ᠢᠯᠡᠷᠡᠵᠦ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠡᠬᠢ ᠪᠠᠶᠠᠯᠢᠭ ᠤᠨ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | | 2022 ᠣᠨ ᠳᠤ᠂ ᠪᠥᠬᠦ ᠤᠯᠤᠰ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠬᠤ ᠶᠡᠷᠦᠩᠬᠡᠶᠢᠯᠡᠭᠰᠡᠨ | ᠵᠢᠭᠠᠯᠲᠠ ᠲᠤᠭ᠎ᠠ 106.02 ︵2020 ᠣᠨ ᠤ ᠪᠥᠬᠦ ᠤᠯᠤᠰ ᠤᠨ ᠶᠡᠷᠦᠩᠬᠡᠶᠢᠯᠡᠭᠰᠡᠨ ᠵᠢᠭᠠᠯᠲᠠ ᠲᠤᠭ᠎ᠠ 100︶ ᠪᠠᠶᠢᠵᠤ᠂ 2021 ᠣᠨ ᠤ ᠬᠢ ᠠᠴᠠ | 3.4% ᠪᠠᠷ ᠨᠡᠮᠡᠭᠳᠡᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ ᠤᠯᠠᠮ ᠨᠢᠭᠡ ᠠᠯᠬᠤᠮ | ᠳᠡᠭᠡᠭᠰᠢᠯᠡᠪᠡ᠃ ᠪᠥᠬᠦ ᠤᠯᠤᠰ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠰᠢᠭᠯᠠᠯᠲᠠ ᠶᠢᠨ ᠬᠦᠴᠦᠯᠡᠴᠡ ᠶᠢᠨ ᠵᠢᠭᠠᠯᠲᠠ ᠲᠤᠭ᠎ᠠ 106.13 | ᠪᠠᠶᠢᠵᠤ᠂ 2021 ᠣᠨ ᠤ ᠬᠢ ᠠᠴᠠ 2.1% ᠪᠠᠷ ᠨᠡᠮᠡᠭᠳᠡᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠠᠭᠠᠭᠠᠴᠠ ᠶᠢᠨ ᠴᠢᠳᠠᠪᠤᠷᠢ ᠤᠯᠠᠮ | ᠨᠢᠭᠡ ᠠᠯᠬᠤᠮ ᠴᠢᠩᠭᠠᠷᠠᠪᠠ᠃ ᠪᠥᠬᠦ ᠤᠯᠤᠰ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠠᠮᠵᠢᠯᠲᠠ ᠪᠦᠲᠦᠮᠵᠢ ᠶᠢᠨ | ᠵᠢᠭᠠᠯᠲᠠ ᠲᠤᠭ᠎ᠠ 105.85 ᠪᠠᠶᠢᠵᠤ᠂ 2021 ᠣᠨ ᠤ ᠬᠢ ᠠᠴᠠ 5.4% ᠨᠡᠮᠡᠭᠳᠡᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠠᠮᠢᠶᠠᠷᠤᠯᠲᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠬᠤᠳᠠ ᠶᠢᠨ ᠪᠦᠯᠦᠭᠯᠡᠯ ᠤᠨ ᠲᠠᠯ᠎ᠠ ᠪᠠᠷ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠴᠧᠩ ᠢᠥᠢ᠂ ᠳᠤᠮᠳᠠᠳᠤ ᠣᠷᠣᠨ᠂ ᠴᠠᠩ ᠱᠠ᠂ ᠵᠦᠵᠸᠤ᠂ ᠰᠢᠶᠠᠩ ᠲᠠᠨ ᠵᠡᠷᠭᠡ | ᠭᠤᠣᠯᠳᠠᠯᠭ᠎ᠠ ᠲᠠᠢ ᠬᠤᠳᠠ ᠶᠢᠨ ᠪᠦᠯᠦᠭᠯᠡᠯ ᠤᠨ ᠶᠡᠷᠦᠩᠬᠡᠢ ᠵᠢᠭᠠᠯᠲᠠ ᠲᠤᠭ᠎ᠠ ᠨᠢ ᠪᠦᠬᠦ ᠤᠯᠤᠰ ᠤᠨ ᠳᠤᠮᠳᠠᠴᠢ ᠬᠡᠮᠵᠢᠭᠳᠡᠯ ᠠᠴᠠ ᠥᠨᠳᠥᠷ ᠪᠣᠯᠪᠠ᠃ | ᠰᠤᠳᠤᠯᠭᠠᠨ ᠤ ᠦᠷ᠎ᠡ ᠪᠦᠲᠦᠭᠡᠯ ᠠᠴᠠ ᠦᠵᠡᠪᠡᠯ᠂ ᠪᠦᠬᠦ ᠤᠯᠤᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ | ᠠᠰᠢᠭᠯᠠᠬᠤ ᠬᠢᠷᠢ ᠬᠡᠮᠵᠢᠶ᠎ᠡ ᠲᠣᠭᠲᠠᠭᠤᠨ ᠢᠶᠠᠷ ᠳᠡᠭᠡᠭᠰᠢᠯᠡᠵᠦ᠂ ᠵᠡᠭᠦᠨ᠂ ᠳᠤᠮᠳᠠ᠂ ᠪᠠᠷᠠᠭᠤᠨ ᠬᠡᠰᠡᠭ ᠪᠣᠯᠤᠨ ᠵᠡᠭᠦᠨ ᠬᠤᠶᠢᠲᠤ ᠣᠷᠣᠨ ᠤ ᠶᠡᠷᠦᠩᠬᠡᠶ | ᠵᠢᠭᠠᠯᠲᠠ ᠲᠤᠭ᠎ᠠ ᠳᠡᠭᠡᠷ᠎ᠡ ᠵᠢᠯ ᠤᠨ ᠬᠢ ᠠᠴᠠ ᠠᠳᠠᠯᠢ ᠪᠤᠰᠤ ᠬᠡᠮᠵᠢᠶ᠎ᠡ ᠪᠠᠷ ᠳᠡᠭᠡᠭᠰᠢᠯᠡᠵᠦ᠂ ᠵᠡᠭᠦᠨ᠂ ᠳᠤᠮᠳᠠ ᠬᠡᠰᠡᠭ ᠤᠨ ᠭᠠᠵᠠᠷ ᠣᠷᠣᠨ ᠤ ᠵᠥᠷᠢᠶ᠎ᠡ | ᠠᠯᠬᠤᠮ ᠠᠯᠬᠤᠮ ᠢᠶᠠᠷ ᠪᠠᠭᠠᠰᠪᠠ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠳᠡᠭᠡᠳᠦ ᠬᠤᠷᠳᠤᠴᠠ ᠪᠠᠷ ᠬᠥᠭᠵᠢᠬᠦ ᠱᠠᠲᠤ ᠦᠶ᠎ᠡ ᠠᠴᠠ ᠴᠢᠨᠠᠷ ᠰᠠᠶᠢᠲᠠᠶ | ᠬᠥᠭᠵᠢᠯᠲᠡ ᠶᠢᠨ ᠱᠠᠲᠤ ᠦᠶ᠎ᠡ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠳᠤ ᠡᠬᠢ | ᠪᠠᠶᠠᠯᠢᠭ ᠢ ᠠᠷᠪᠢᠯᠠᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠭᠠᠵᠠᠷ ᠢ ᠠᠷᠪᠢᠲᠠᠶ ᠡᠷᠴᠢᠮᠯᠢᠭ ᠬᠡᠷᠡᠭᠯᠡᠬᠦ ᠪᠠᠷ | ᠭᠠᠷᠳᠠᠴᠠ ᠪᠣᠯᠭᠠᠵᠤ᠂ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠦᠨᠡᠨ ᠬᠦ ᠠᠬᠢᠭᠤᠯᠵᠤ᠂ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠰᠢᠭᠯᠠᠬᠤ ᠡᠷᠴᠢᠮ᠂ ᠬᠠᠮᠢᠶᠠᠷᠤᠯᠲᠠ ᠶᠢᠨ ᠠᠮᠵᠢᠯᠲᠠ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠪᠠ᠃ 2020 — 2022 ᠣᠨ ᠳᠤ᠂ ᠪᠥᠬᠦ | ᠤᠯᠤᠰ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠬᠤ ᠶᠡᠷᠦᠩᠬᠡᠶᠢᠯᠡᠭᠰᠡᠨ ᠵᠢᠭᠠᠯᠲᠠ ᠲᠤᠭ᠎ᠠ ᠵᠢᠯ ᠳᠠᠷᠠᠭᠠᠯᠠᠨ | ᠳᠡᠭᠡᠭᠰᠢᠯᠡᠵᠦ᠂ 2022 ᠣᠨ ᠳᠤ 106.02 ᠪᠣᠯᠵᠣ᠂ ᠳᠡᠭᠡᠷ᠎ᠡ ᠵᠢᠯ ᠤᠨ ᠬᠢ ᠠᠴᠠ 3.4% ᠪᠠᠷ ᠳᠡᠭᠡᠭᠰᠢᠯᠡᠪᠡ᠃ ᠡᠭᠦᠨ ᠳᠤ᠂ ᠠᠰᠢᠭᠯᠠᠵᠤ ᠪᠠᠶᠢᠭ᠎ᠠ | ᠬᠦᠴᠦᠯᠡᠴᠡ ᠶᠢᠨ ᠵᠢᠭᠠᠯᠲᠠ ᠲᠤᠭ᠎ᠠ 106.13 ᠪᠠᠶᠢᠵᠤ᠂ ᠳᠡᠭᠡᠷ᠎ᠡ ᠵᠢᠯ ᠤᠨ ᠬᠢ ᠠᠴᠠ 2.1% ᠪᠠᠷ ᠳᠡᠭᠡᠭᠰᠢᠯᠡᠨ᠂ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠲᠣᠭᠲᠠᠮᠠᠯ ᠬᠥᠷᠥᠩᠭᠡ ᠶᠢᠨ ᠣᠷᠣᠭᠤᠯᠤᠯᠲᠠ ᠪᠠ ᠠᠵᠤ ᠠᠬᠤᠶ ᠶᠢᠨ ᠦᠢᠯᠡᠳᠪᠦᠷᠢᠯᠡᠯ ᠵᠥᠪ ᠴᠢᠭᠯᠡᠯ ᠢᠶᠠᠷ ᠨᠡᠮᠡᠭᠳᠡᠬᠦ ᠶᠢ ᠪᠠᠲᠤᠯᠠᠪᠠ︔ | ᠬᠠᠮᠢᠶᠠᠷᠤᠯᠲᠠ ᠶᠢᠨ ᠠᠮᠵᠢᠯᠲᠠ ᠪᠦᠲᠦᠮᠵᠢ ᠶᠢᠨ ᠵᠢᠭᠠᠯᠲᠠ ᠲᠤᠭ᠎ᠠ 105.85 ᠪᠠᠶᠢᠵᠤ᠂ ᠳᠡᠭᠡᠷ᠎ᠡ ᠵᠢᠯ ᠤᠨ ᠬᠢ ᠠᠴᠠ 5.4% ᠪᠠᠷ ᠳᠡᠭᠡᠭᠰᠢᠯᠡᠨ᠂ | ᠰᠢᠨ᠎ᠡ ᠪᠠᠷ ᠨᠡᠮᠡᠭᠳᠡᠭᠰᠡᠨ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ᠂ ᠦᠯᠡᠳᠡᠭᠡᠯ ᠬᠡᠷᠡᠭᠯᠡᠬᠦ ᠭᠠᠵᠠᠷ ᠢ ᠢᠳᠡᠪᠬᠢᠲᠡᠢ | ᠠᠮᠢᠳᠤᠯᠢᠭᠵᠢᠭᠤᠯᠤᠨ ᠠᠰᠢᠭᠯᠠᠬᠤ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠨᠢ ᠤᠯᠠᠮ ᠨᠢᠭᠡ ᠠᠯᠬᠤᠮ ᠢᠯᠡᠷᠬᠡᠢ ᠪᠣᠯᠵᠣ᠂ | ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠳᠡᠭᠡᠭᠰᠢᠯᠡᠬᠦ ᠨᠢ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢᠨ ᠳᠡᠭᠡᠭᠰᠢᠯᠡᠯᠲᠡ ᠶᠢ ᠠᠬᠢᠭᠤᠯᠬᠤ ᠴᠢᠬᠤᠯᠠ ᠬᠦᠴᠦᠨ | ᠵᠦᠢᠯ ᠪᠣᠯᠪᠠ᠃ | ᠲᠣᠰ ᠦᠷ᠎ᠡ ᠪᠦᠲᠦᠭᠡᠯ ᠨᠢ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢᠨ ᠲᠥᠰᠦᠭᠡᠯᠡᠨ ᠪᠤᠳᠤᠭᠰᠠᠨ ᠦᠷ᠎ᠡ ᠳ᠋ᠦᠩ ᠳᠤ ᠰᠠᠭᠤᠷᠢᠯᠠᠨ᠂ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠭᠰᠠᠨ ᠣᠳᠣᠬᠢ ᠪᠠᠶᠢᠳᠠᠯ ᠤᠨ ᠬᠢᠷᠢ ᠲᠦᠪᠰᠢᠨ ᠵᠢᠴᠢ ᠴᠠᠭ ᠪᠠ ᠣᠷᠣᠨ ᠵᠠᠶ ᠶᠢᠨ | ᠬᠤᠪᠢᠷᠠᠯᠲᠠ ᠶᠢᠨ ᠣᠨᠴᠠᠯᠢᠭ ᠢ ᠵᠠᠳᠠᠯᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠪᠠᠷ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ᠃ ᠶᠡᠷᠦᠩᠬᠡᠶ | ᠵᠢᠭᠠᠯᠲᠠ ᠲᠤᠭ᠎ᠠ ᠨᠢ 2020 ᠣᠨ ᠢᠶᠠᠷ ᠰᠠᠭᠤᠷᠢ ᠬᠤᠭᠤᠴᠠᠭ᠎ᠠ ᠪᠣᠯᠭᠠᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠰᠢᠭᠯᠠᠯᠲᠠ ᠶᠢᠨ | ᠡᠷᠴᠢᠮ ᠪᠠ ᠬᠠᠮᠢᠶᠠᠷᠤᠯᠲᠠ ᠶᠢᠨ ᠠᠮᠵᠢᠯᠲᠠ ᠪᠦᠲᠦᠮᠵᠢ ᠬᠤᠶᠠᠷ ᠲᠠᠯ᠎ᠠ ᠪᠠᠷ᠂ 2020 — 2022 ᠣᠨ ᠤ ᠪᠥᠬᠦ ᠤᠯᠤᠰ᠂ ᠳᠥᠷᠪᠡᠨ ᠶᠡᠭᠡ ᠣᠷᠣᠨ | ᠪᠦᠰᠡ ︵ᠵᠡᠭᠦᠨ᠂ ᠳᠤᠮᠳᠠ᠂ ᠪᠠᠷᠠᠭᠤᠨ ᠬᠡᠰᠡᠭ ᠪᠠ ᠵᠡᠭᠦᠨ ᠬᠤᠶᠢᠲᠤ ᠣᠷᠣᠨ︶ ᠵᠢᠴᠢ ᠭᠤᠤᠯᠳᠠᠯᠭ᠎ᠠ ᠲᠠᠢ ᠬᠤᠲᠠ ᠶᠢᠨ ᠪᠦᠯᠦᠭᠯᠡᠯ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ ᠢ ᠲᠥᠰᠦᠭᠡᠯᠡᠨ ᠪᠤᠳᠤᠵᠤ᠂ ᠲᠤᠭ᠎ᠠ ᠬᠡᠮᠵᠢᠭᠳᠡᠯ ᠨᠢ ᠬᠡᠳᠦᠶ ᠶᠡᠭᠡ | ᠪᠣᠯ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠭᠰᠡᠨ ᠪᠠᠶᠢᠳᠠᠯ ᠲᠡᠳᠦᠶ ᠰᠠᠶᠢᠨ ᠪᠠᠶᠢᠬᠤ ᠶᠢ ᠢᠯᠡᠳᠬᠡᠵᠡᠢ᠃ | ᠳᠤᠮᠳᠠᠳᠤ ᠤᠯᠤᠰ ᠤᠨ ᠤᠯᠤᠰ ᠤᠨ ᠭᠠᠵᠠᠷ ᠰᠢᠷᠤᠢ ᠶᠢᠨ ᠬᠠᠶᠢᠨ ᠬᠡᠮᠵᠢᠯᠲᠡ ᠶᠢᠨ ᠲᠥᠯᠥᠪᠵᠢᠭᠦᠯᠭᠡ ᠶᠢᠨ ᠬᠦᠷᠢᠶᠡᠯᠡᠩ ᠤᠨ ᠳᠠᠷᠤᠭ᠎ᠠ ᠹᠧᠩ ᠸᠧᠨ | ᠯᠢ ᠶᠢᠨ ᠲᠠᠨᠢᠯᠴᠠᠭᠤᠯᠤᠭᠰᠠᠨ ᠢᠶᠠᠷ᠂ ᠶᠡᠷᠦᠩᠬᠡᠶᠢᠯᠡᠭᠰᠡᠨ ᠵᠢᠭᠠᠯᠲᠠ ᠲᠤᠭ᠎ᠠ ᠨᠢ ᠨᠢᠭᠡ ᠵᠦᠢᠯ ᠤᠨ ᠴᠣ ᠰᠢᠨ᠎ᠡ ᠰᠤᠳᠤᠯᠤᠨ ᠰᠦᠪᠡᠭᠴᠢᠯᠡᠯᠲᠡ ᠪᠣᠯᠤᠭᠰᠠᠨ ᠤ | ᠬᠤᠪᠢ ᠳᠤ᠂ ᠨᠢᠭᠡ ᠢᠵᠢ ᠪᠤᠰᠤᠳᠴᠢ᠂ ᠳᠥᠭᠦᠮ᠂ ᠬᠡᠷᠡᠭᠵᠢᠭᠦᠯᠵᠦ ᠪᠣᠯᠬᠤ᠂ ᠠᠳᠠᠯᠢ ᠶᠠᠰᠤ ᠴᠢᠨᠠᠷ ᠤᠨ ᠬᠠᠷᠢᠴᠠᠭᠤᠯᠵᠤ ᠪᠣᠯᠬᠤ ᠬᠡᠮᠵᠢᠶᠡᠵᠢᠭᠦᠯᠦᠨ ᠦᠨᠡᠯᠡᠬᠦ | ᠰᠢᠰᠲ᠋ᠧᠮ ᠪᠠ ᠦᠨᠡᠯᠡᠯᠲᠡ ᠶᠢᠨ ᠦᠷ᠎ᠡ ᠳ᠋ᠦᠩ ᠢ ᠳᠠᠮᠵᠢᠭᠤᠯᠤᠨ᠂ ᠬᠤᠷᠸ᠎ᠠ ᠲᠠᠯ᠎ᠠ ᠠᠴᠠ ᠪᠥᠬᠦ ᠤᠯᠤᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠠᠷᠪᠢᠲᠠᠶ ᠡᠷᠴᠢᠮᠯᠢᠭ ᠠᠰᠢᠭᠯᠠᠬᠤ ᠣᠳᠣᠬᠢ ᠪᠠᠶᠢᠳᠠᠯ᠂ ᠣᠨᠴᠠᠯᠢᠭ ᠪᠠ ᠬᠠᠨᠳᠤᠰᠢ ᠶᠢ ᠨᠠᠩ ᠲᠦᠷᠭᠡᠨ ᠡᠵᠡᠮᠰᠢᠵᠦ᠂ ᠬᠤᠷᠸ᠎ᠠ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢ ᠰᠢᠢᠳᠪᠦᠷᠢᠲᠦ ᠪᠣᠳᠣᠯᠭ᠎ᠠ ᠳᠤ ᠨᠠᠩ ᠰᠠᠶᠢᠨ ᠦᠢᠯᠡᠴᠢᠯᠡᠬᠦ ᠪᠥᠭᠡᠳ ᠪᠥᠬᠦ ᠨᠡᠶᠢᠭᠡᠮ ᠳᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠨᠠᠩ ᠰᠢᠭᠤᠳ ᠣᠶᠢᠯᠠᠭᠠᠭᠤᠯᠵᠤ᠂ ᠬᠠᠮᠢᠶ᠎ᠠ ᠪᠥᠬᠦᠶ ᠰᠤᠳᠤᠯᠭᠠᠨ ᠤ ᠦᠷ᠎ᠡ ᠪᠦᠲᠦᠭᠡᠯ ᠢ ᠣᠶᠢᠷ᠎ᠠ ᠶᠢᠨ | ᠬᠤᠭᠤᠴᠠᠭᠠᠨ ᠳᠤ ᠬᠥᠬᠡ ᠭᠠᠳᠠᠷᠲᠤ ᠪᠢᠴᠢᠭ ᠤᠨ ᠬᠡᠯᠪᠡᠷᠢ ᠪᠠᠷ ᠬᠡᠪᠯᠡᠭᠦᠯᠬᠦ ᠶᠢᠨ ᠲᠥᠯᠥᠭᠡ ᠶᠤᠮ᠃ | |