ᠲᠤᠰ ᠰᠦᠯᠵᠢᠶ᠎ᠡ ᠶᠢᠨ ᠪᠡᠬᠡᠵᠢᠩ ᠤᠨ 2 ᠳ᠋ᠤᠭᠠᠷ ᠰᠠᠷ᠎ᠠ ᠶᠢᠨ 27 ᠤ ᠡᠳᠦᠷ ᠤᠨ ᠴᠠᠭᠢᠯᠭᠠᠨ ᠮᠡᠲᠡᠭᠡ ︵ᠲᠠᠯ᠎ᠠ | ᠨᠤᠲᠤᠭ ᠤᠨ ᠪᠦᠷᠢᠨ ᠵᠠᠭᠤᠴᠢᠯᠠᠭᠤᠷ · ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ | ᠠᠨᠢᠷ︶ 2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠮᠦᠽᠧᠶ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠪᠠᠶᠢᠭᠠᠯᠢ ᠶᠢᠨ | ᠮᠦᠽᠧᠶ ᠠᠴᠠ ᠳᠠᠭᠠᠭᠠᠨ ᠡᠷᠭᠢᠯᠡᠭᠰᠡᠨ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠨᠣᠭᠤᠭᠠᠷᠠᠵᠤ — ᠥᠪᠥᠷ | ᠮᠣᠩᠭᠤᠯ ᠤᠨ ᠪᠣᠬᠢᠷᠲᠤᠯ ᠥᠬᠡᠶ ᠠᠭᠤᠷᠬᠠᠶ ᠶᠢᠨ ᠣᠨᠴᠠ ᠦᠵᠡᠭᠦᠯᠭᠡ︾ ᠶᠢᠨ ᠠᠵᠢᠯᠯᠠᠭ᠎ᠠ ᠳᠤᠮᠳᠠᠳᠤ ᠤᠯᠤᠰ ᠤᠨ ᠭᠠᠵᠠᠷ | ᠰᠢᠨᠵᠢᠯᠡᠭᠡᠨ ᠤ ᠮᠦᠽᠧᠶ ᠳᠤ ᠶᠠᠪᠤᠭᠳᠠᠵᠤ᠂ ᠦᠵᠡᠭᠦᠯᠭᠡ ᠶᠢᠨ ᠬᠤᠭᠤᠴᠠᠭ᠎ᠠ 6 ᠰᠠᠷ᠎ᠠ ᠪᠤᠯᠤᠨ᠎ᠠ᠃ | ᠲᠣᠰ ᠤᠳᠠᠭᠠᠨ ᠤ ᠦᠵᠡᠭᠦᠯᠭᠡ ᠶᠢᠨ ᠴᠤᠭᠯᠠᠭᠠᠨ ᠤ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠪᠠᠶᠢᠵᠤ᠂ ︽ | ᠪᠣᠬᠢᠷᠲᠤᠯ ᠥᠬᠡᠶ ᠠᠭᠤᠷᠬᠠᠶ — ᠠᠮᠢ ᠠᠬᠤᠶ ᠶᠢ ᠤᠷᠢᠳ ᠢᠶᠠᠷ ᠬᠡᠷᠡᠭᠵᠢᠭᠦᠯᠬᠦ︾᠂ ︽ᠤᠮᠠᠷᠠᠲᠤ ᠬᠢᠯᠢ ᠳᠦᠭᠦᠷᠡᠩ | ᠨᠣᠭᠤᠭᠠᠨ ᠠᠭᠤᠯᠠ ᠤᠰᠤ — ᠡᠷᠡᠮᠡᠬᠡᠶᠢᠯᠡᠨ ᠤᠷᠤᠭᠰᠢᠯᠠᠬᠤ︾᠂ ︽ᠪᠣᠬᠢᠷᠲᠤᠯ ᠥᠬᠡᠶ ᠣᠳᠣᠨ — ᠨᠣᠭᠤᠭᠠᠨ | ᠥᠩᠭᠡ ᠪᠠᠷ ᠠᠶᠠᠯᠠᠬᠤ︾ ᠭᠤᠷᠪᠠᠨ ᠶᠡᠭᠡ ᠦᠵᠡᠭᠦᠯᠭᠡ ᠶᠢᠨ ᠲᠣᠭᠤᠷᠢᠭ ᠭᠠᠷᠭᠠᠵᠠᠶ᠃ ᠵᠢᠷᠤᠭ ᠪᠢᠴᠢᠭ ᠤᠨ | ᠦᠵᠡᠭᠦᠯᠭᠡ ᠶᠢᠨ ᠰᠠᠮᠪᠠᠷ᠎ᠠ᠂ ᠬᠠᠮ ᠵᠠᠭᠤᠴᠢᠯᠠᠭᠤᠷ ᠤᠨ ᠺᠢᠨᠣ᠋ ᠵᠢᠴᠢ ᠦᠢᠯᠡᠳᠦᠯᠴᠡᠯ᠂ ᠨᠡᠶᠢᠲᠡᠯᠢᠭ ᠠᠭᠤᠷᠬᠠᠶ ᠶᠢᠨ ᠠᠵᠤ | ᠠᠬᠤᠶᠢᠯᠠᠯ ᠤᠨ ᠡᠯᠡᠰᠦᠨ ᠴᠠᠷ᠎ᠠ ᠶᠢᠨ ᠵᠠᠭᠪᠤᠷ ᠵᠢᠴᠢ ᠪᠣᠳᠠᠲᠤ ᠪᠣᠳᠠᠰ ᠤᠨ ᠬᠡᠪ ᠵᠠᠭᠪᠤᠷ᠂ ᠴᠡᠭᠡᠨ ᠭᠡᠷᠡᠯ ᠤᠨ ᠵᠢᠵᠢᠭ | ᠥᠷᠥᠭᠡ ᠵᠡᠷᠭᠡ ᠬᠡᠯᠪᠡᠷᠢ ᠪᠠᠷ ᠳᠠᠮᠵᠢᠭᠤᠯᠤᠨ ᠥᠪᠥᠷ ᠮᠣᠩᠭᠤᠯ ᠤᠨ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ᠂ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠵᠡᠷᠭᠡ ᠠᠭᠤᠯᠭ᠎ᠠ ᠶᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠦᠢᠯᠡᠳᠦᠯᠭᠡ᠂ ᠲᠤᠷᠰᠢᠯᠭ᠎ᠠ ᠪᠠ ᠡᠯᠪᠡᠭ ᠦᠷ᠎ᠡ ᠪᠦᠲᠦᠭᠡᠯ ᠢ ᠢᠯᠡᠷᠡᠭᠦᠯᠪᠡ᠃ | ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠵᠡᠭᠦᠨ ᠬᠤᠶᠢᠲᠤ ᠣᠷᠣᠨ᠂ ᠤᠮᠠᠷᠠᠲᠤ | ᠣᠷᠣᠨ᠂ ᠪᠠᠷᠠᠭᠤᠨ ᠬᠤᠶᠢᠲᠤ ᠣᠷᠣᠨ ᠢ ᠰᠤᠨᠳᠠᠯᠠᠵᠤ᠂ ᠮᠠᠨ ᠤ ᠤᠯᠤᠰ ᠤᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ | ᠵᠦᠢᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠲᠤ ᠣᠷᠣᠨ ᠮᠥᠨ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠮᠥᠨ᠃ ᠥᠪᠥᠷ ᠮᠣᠩᠭᠤᠯ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠡᠯᠪᠡᠭ ᠳᠡᠯᠪᠡᠭ ᠪᠠᠶᠢᠬᠤ ᠨᠢ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠭᠠᠵᠠᠷ ᠪᠣᠯᠬᠤ ᠲᠤᠯᠠ᠂ ᠪᠦᠬᠦ ᠣᠷᠣᠨ ᠳᠤ 52 ᠵᠦᠢᠯ ᠤᠨ ᠠᠭᠤᠷᠬᠠᠶ ᠶᠢᠨ ᠭᠠᠷᠤᠯᠲᠠ ᠶᠢᠨ | ᠬᠠᠮᠠᠭᠠᠯᠠᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠪᠦᠬᠦ ᠤᠯᠤᠰ ᠤᠨ ᠡᠮᠦᠨ᠎ᠡ ᠭᠤᠷᠪᠠ ᠳᠤ ᠵᠢᠭᠰᠠᠭᠠᠭᠳᠠᠵᠤ᠂ | ᠡᠭᠦᠨ ᠳᠤ ᠨᠡᠭᠦᠷᠡᠰᠦ᠂ ᠬᠤᠪᠣᠷ ᠰᠢᠷᠣᠶ ᠵᠡᠷᠭᠡ 21 ᠵᠦᠢᠯ ᠤᠨ ᠠᠭᠤᠷᠬᠠᠶ ᠶᠢᠨ ᠭᠠᠷᠤᠯᠲᠠ ᠶᠢᠨ ᠬᠠᠮᠠᠭᠠᠯᠠᠯᠲᠠ ᠶᠢᠨ ᠡᠬᠢ | ᠪᠠᠶᠠᠯᠢᠭ ᠤᠨ ᠨᠥᠭᠡᠴᠡ ᠪᠦᠬᠦ ᠤᠯᠤᠰ ᠤᠨ ᠲᠡᠷᠢᠭᠦᠨ ᠪᠠᠶᠢᠷᠢᠨ ᠳᠤ ᠵᠢᠭᠰᠠᠭᠠᠭᠳᠠᠪᠠ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠪᠠᠷ ᠠᠭᠤᠷᠬᠠᠶ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠤᠷᠢᠳ ᠬᠤᠵᠢᠳ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠲᠥᠰᠦᠯ᠂ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠦᠨᠡᠯᠡᠨ ᠵᠢᠱᠢᠬᠦ ᠠᠷᠭ᠎ᠠ᠂ ᠪᠥᠲᠥᠭᠡᠨ | ᠪᠠᠶᠢᠭᠤᠯᠤᠯᠲᠠ ᠶᠢᠨ ᠦᠨᠡᠯᠡᠯᠲᠡ ᠶᠢᠨ ᠭᠦᠢᠴᠡᠳᠭᠡᠯ ᠲᠤᠭ᠎ᠠ ᠵᠡᠷᠭᠡ ᠠᠯᠢ ᠣᠯᠠᠨ ᠲᠦᠷᠢᠮ ᠲᠣᠭᠲᠠᠭᠠᠯ ᠢ ᠲᠣᠭᠲᠠᠭᠠᠵᠤ᠂ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠦᠷᠢᠮ ᠤᠨ ᠰᠢᠰᠲ᠋ᠧᠮ ᠢ ᠲᠠᠰᠤᠷᠠᠯᠲᠠ ᠥᠬᠡᠶ | ᠲᠡᠭᠦᠯᠳᠡᠷᠵᠢᠭᠦᠯᠪᠡ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠠᠵᠤ ᠠᠬᠤᠶᠢᠯᠠᠯ ᠡᠷᠬᠢᠯᠡᠨ ᠪᠠᠶᠢᠭᠤᠯᠬᠤ᠂ ᠰᠠᠯᠠᠭ᠎ᠠ | ᠮᠥᠴᠢᠷ ᠬᠢᠨᠠᠨ ᠬᠠᠮᠢᠶᠠᠷᠬᠤ᠂ ᠨᠡᠶᠢᠭᠡᠮ ᠠᠴᠠ ᠬᠢᠨᠠᠯᠲᠠ ᠲᠠᠯᠪᠢᠬᠤ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ | ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠪᠥᠬᠦ ᠣᠷᠣᠨ ᠳᠤ ᠨᠡᠶᠢᠲᠡ 344 ᠠᠭᠤᠷᠬᠠᠶ ᠶᠢ ᠪᠣᠬᠢᠷᠲᠤᠯ ᠥᠬᠡᠶ | ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠡᠭᠦᠨ ᠳᠤ 47 ᠠᠭᠤᠷᠬᠠᠶ ᠶᠢ ᠤᠯᠤᠰ ᠤᠨ ᠪᠣᠬᠢᠷᠲᠤᠯ ᠥᠬᠡᠶ | ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ ᠥᠪᠥᠷ ᠮᠣᠩᠭᠤᠯ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ | ᠢᠯᠡᠷᠬᠡᠶ ᠰᠠᠶᠢᠵᠢᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠤᠢᠭᠡᠢ | ᠨᠡᠮᠡᠭᠳᠡᠭᠦᠯᠵᠦ᠂ ᠠᠭᠤᠷᠬᠠᠶ ᠶᠢᠨ ᠭᠠᠵᠠᠷ ᠤᠨ ᠡᠶ᠎ᠡ ᠵᠣᠬᠢᠴᠠᠯ ᠲᠠᠢ ᠬᠥᠭᠵᠢᠬᠦ ᠦᠷ᠎ᠡ ᠪᠦᠲᠦᠮᠵᠢ ᠶᠢ ᠢᠯᠡᠳᠲᠡ ᠪᠣᠯᠭᠠᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠭᠠᠨ᠎ᠠ᠃ | |