ᠳᠡᠯᠡᠬᠡᠢ ᠶᠢᠨ ᠪᠦᠮᠪᠦᠷᠴᠡᠭ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/4/23
  4 ᠳ᠋ᠦ᠋ᠭᠡᠷ ᠰᠠᠷ᠎ᠠ ᠶᠢᠨ 22 ᠤᠨ ᠡᠳᠦᠷ ᠪᠣᠯ 55 ᠳ᠋ᠤᠭᠠᠷ ᠳᠡᠯᠡᠬᠡᠶ ᠶᠢᠨ ᠪᠥᠮᠪᠥᠷᠴᠡᠭ ᠤᠨ ᠡᠳᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ︽ᠳᠡᠯᠡᠬᠡᠶ ᠶᠢᠨ ᠪᠥᠮᠪᠥᠷᠴᠡᠭ ᠢ ᠨᠠᠨᠳᠢᠩᠨᠠᠨ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠣᠷᠣᠰᠢᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠦᠵᠡᠭᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ︽ᠳᠡᠯᠡᠬᠡᠢ ᠶᠢᠨ ᠪᠥᠮᠪᠥᠷᠴᠡᠭ ᠤᠨ ᠰᠢᠯᠦᠭ︾ ᠤᠩᠰᠢᠬᠤ ᠵᠡᠷᠭᠡ ᠠᠷᠭ᠎ᠠ ᠬᠡᠯᠪᠡᠷᠢ ᠪᠠᠷ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠳᠤ ᠢᠳᠡᠪᠬᠢᠲᠡᠢ ᠣᠷᠣᠯᠴᠠᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠬᠠᠮᠲᠤᠪᠠᠷ ᠪᠠᠶᠢᠭᠤᠯᠪᠠ᠃  ᠠᠵᠢᠯᠯᠠᠭ᠎ᠠ ᠨᠢ ᠬᠡᠦᠬᠡᠳ ᠤᠨ ᠨᠠᠶᠢᠷᠠᠯ ᠳᠠᠭᠤᠤ ︽ᠳᠥᠷᠪᠡᠨ ᠤᠯᠠᠷᠢᠯ ᠤᠨ ᠮᠡᠨᠳᠦᠴᠢᠯᠡᠯ︾ ᠳᠤᠮᠳᠠ ᠡᠬᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠭᠤᠤᠯ ᠰᠡᠳᠦᠪᠲᠦ ᠤᠬᠠᠭᠤᠯᠭ᠎ᠠ ᠶᠢᠨ ᠹᠢᠯᠢᠮ ︽24 ᠴᠠᠭ︾ ᠢ ᠨᠡᠪᠲᠡᠷᠡᠭᠦᠯᠵᠦ᠂ ᠰᠡᠭᠦᠳᠡᠷᠯᠡᠬᠦ ᠦᠵᠡᠭᠳᠡᠯ ᠴᠠᠭ ᠤᠨ ᠬᠤᠪᠢᠷᠠᠯᠲᠠ ᠶᠢ   ᠳᠠᠭᠠᠵᠤ᠂ ᠮᠠᠨ ᠤ ᠣᠷᠣᠨ ᠤ 12 ᠠᠶᠢᠮᠠᠭ ᠬᠤᠲᠠ ᠶᠢᠨ ᠰᠦᠷᠯᠢᠭ ᠰᠠᠶᠢᠬᠠᠨ ᠥᠩᠭᠡ ᠦᠵᠡᠮᠵᠢ ᠪᠠ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠢ ᠲᠡᠮᠳᠡᠭᠯᠡᠪᠡ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠪᠣᠬᠢᠷᠲᠤᠯ ᠥᠬᠡᠶ ᠬᠠᠶᠢᠨ ᠪᠠᠶᠢᠴᠠᠭᠠᠯᠲᠠ ᠶᠢ ᠢᠳᠡᠪᠬᠢᠲᠡᠶ ᠬᠡᠷᠡᠭᠵᠢᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠨᠢᠭᠡᠳᠦᠯᠲᠡᠶ ᠲᠥᠯᠥᠪᠵᠢᠭᠦᠯᠵᠦ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ