ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠠᠶᠢᠭᠠᠯᠢ ᠶᠢᠨ ᠡᠬᠢ ᠪᠠᠶᠠᠯᠢᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠷᠭᠤᠭᠤᠯᠤᠨ ᠪᠠᠶᠢᠴᠠᠭᠠᠬᠤ ᠲᠣᠭᠲᠠᠯᠴᠠᠭ᠎ᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2024/5/23
  5 ᠳ᠋ᠤᠭᠠᠷ ᠰᠠᠷ᠎ᠠ ᠶᠢᠨ 18᠎ ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠤᠤ ᠰᠢᠤᠸᠠᠢ ᠯᠢᠶᠠᠨ ᠳᠠᠳᠤᠯᠭ᠎ᠠ ᠶᠢᠨ ᠰᠤᠷᠤᠭᠴᠢ ᠸᠠᠩ ᠴᠢᠶᠠᠨ ᠴᠧᠨ︶ 5 ᠳ᠋ᠤᠭᠠᠷ ᠰᠠᠷ᠎ᠠ ᠶᠢᠨ 17᠎ ᠤ ᠡᠳᠦᠷ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠠᠴᠠ ᠠᠵᠤ ᠠᠬᠤᠶᠢᠯᠠᠯ ᠤᠨ ᠤᠯᠠᠭᠠᠨ ᠬᠠᠷ᠎ᠠ ᠲᠠᠩᠰᠠ ᠶᠢ ᠵᠢᠩᠬᠢᠨᠢ ᠪᠠᠷ ᠡᠬᠢᠯᠡᠭᠦᠯᠵᠦ᠂ ᠢᠲᠡᠭᠡᠮᠵᠢ ᠶᠢ ᠬᠠᠷᠭᠤᠭᠤᠯᠤᠨ ᠪᠠᠶᠢᠴᠠᠭᠠᠵᠤ ᠬᠡᠷᠡᠭᠯᠡᠬᠦ ᠶᠢ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠤᠬᠠᠶᠢᠯᠠᠭᠰᠠᠨ ᠠᠵᠢᠯ ᠯᠤᠭ᠎ᠠ ᠠᠭᠤᠰᠤᠯᠴᠠᠭᠤᠯᠵᠤ᠂ ᠪᠥᠬᠦ ᠣᠷᠣᠨ ᠤ ᠠᠩᠬᠠᠳᠠᠭᠴᠢ ︽ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠢᠲᠡᠭᠡᠮᠵᠢ︾᠎ ᠶᠢᠨ ᠲᠤᠭ᠎ᠠ ᠪᠠᠷᠢᠮᠲᠠ ᠶᠢ ᠰᠦᠯᠵᠢᠶᠡᠨ ᠳᠡᠭᠡᠷᠡᠬᠢ ᠢᠲᠡᠭᠡᠮᠵᠢ ᠶᠢ ᠬᠠᠷᠭᠤᠭᠤᠯᠤᠨ ᠪᠠᠶᠢᠴᠠᠭᠠᠬᠤ ᠰᠢᠰᠲ᠋ᠧᠮᠵᠢ ᠶᠢ ᠪᠠᠶᠢᠭᠤᠯᠤᠨ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠡᠮᠬᠢ ᠳᠢᠭᠯᠢᠮ ᠪᠠ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠠ᠃  ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠣᠷᠳᠣᠰ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠢᠲᠡᠭᠡᠮᠵᠢ︾᠎ ᠶᠢᠨ ᠪᠠᠶᠢᠭᠤᠯᠤᠯᠲᠠ ᠶᠢᠨ ᠠᠵᠢᠯ ᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠠᠬᠢᠭᠤᠯᠵᠤ᠂ ᠳ᠋ᠠᠶᠢᠲ᠋ᠠ ᠶᠢᠨ ᠵᠠᠯᠭᠠᠭᠠᠳᠠᠰᠦ ᠪᠠᠷ ᠳᠠᠮᠵᠢᠭᠤᠯᠤᠨ ︽ᠠᠵᠤ ᠠᠬᠤᠶᠢᠯᠠᠯ ᠤᠨ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠮᠡᠳᠡᠭᠡ ᠵᠠᠩᠭᠢ ᠶᠢᠨ ᠨᠡᠷᠡᠰ ᠤᠨ ᠵᠢᠭᠰᠠᠭᠠᠯᠲᠠ︾᠎ ᠶᠢ ᠬᠤᠯᠪᠣᠭᠠᠯᠠᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠪᠤᠯᠤᠨ᠎ᠠ᠃ ᠲᠣᠰ ᠨᠡᠷᠡᠰ ᠲᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠵᠠᠯᠭᠠᠨ ᠣᠷᠣᠭᠤᠯᠤᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠦᠶ᠎ᠡ ᠳᠤ᠂ ᠠᠵᠤ ᠠᠬᠤᠶᠢᠯᠠᠯ ᠤᠨ ᠨᠡᠷᠡᠶᠢᠳᠦᠯ ᠢ ᠠᠦ᠋ᠲ᠋ᠣ᠋ ᠰᠢᠯᠵᠢᠭᠦᠯᠦᠨ ᠠᠪᠴᠤ᠂ ᠭᠤᠶᠤᠴᠢᠯᠠᠭᠴᠢ ᠶᠢᠨ ᠬᠠᠮᠢᠶ᠎ᠠ ᠪᠥᠬᠦᠶ ᠢᠲᠡᠭᠡᠮᠵᠢ ᠶᠢᠨ ᠲᠡᠮᠳᠡᠭᠯᠡᠯ ᠢ ᠬᠠᠷᠭᠤᠭᠤᠯᠤᠨ   ᠪᠠᠶᠢᠴᠠᠭᠠᠵᠤ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠭᠤᠭᠴᠤᠭ᠎ᠠ ᠳᠤ ᠬᠠᠷᠭᠤᠭᠤᠯᠤᠨ ᠪᠠᠶᠢᠴᠠᠭᠠᠬᠤ ᠭᠤᠶᠤᠴᠢᠯᠠᠭᠴᠢ ᠶᠢᠨ ᠤᠯᠠᠭᠠᠨ ᠨᠡᠷᠡᠰ᠂ ᠬᠠᠷ᠎ᠠ ᠲᠠᠩᠰᠠ ᠶᠢᠨ ᠢᠲᠡᠭᠡᠮᠵᠢ ᠶᠢᠨ ᠵᠡᠷᠭᠡ ᠳᠡᠰ ᠢ ᠦᠨᠡᠨ ᠪᠣᠳᠠᠲᠠᠶ ᠢᠯᠡᠷᠡᠭᠦᠯᠵᠦ᠂ ᠢᠲᠡᠭᠡᠮᠵᠢ ᠶᠢᠨ ᠪᠠᠶᠢᠳᠠᠯ ᠢ ︽ᠦᠵᠡᠭᠳᠡᠬᠦ︾᠎ ᠪᠠᠷ ᠳᠠᠮᠵᠢᠭᠤᠯᠤᠨ ᠳᠡᠩᠰᠡᠯᠡᠨ ᠲᠡᠮᠳᠡᠭᠯᠡᠬᠦ ᠲᠦᠭᠰᠢᠭᠦᠷᠢ ᠶᠢ ᠰᠡᠷᠭᠡᠶᠢᠯᠡᠪᠡ᠃  ᠤᠯᠠᠭᠠᠨ ᠬᠠᠷ᠎ᠠ ᠳᠠᠩᠰᠠ ᠶᠢᠨ ᠢᠲᠡᠭᠡᠮᠵᠢ ᠶᠢᠨ ᠳᠡᠰ ᠢ ᠦᠨᠳᠦᠰᠦᠯᠡᠨ ᠠᠳᠠᠯᠢ ᠪᠤᠰᠤ ᠦᠢᠯᠡᠴᠢᠯᠡᠭᠡᠨ ᠤ ᠵᠠᠭᠪᠤᠷ ᠢ ᠠᠪᠤᠨ᠎ᠠ᠃ ᠦᠨᠡᠨᠴᠢ ᠢᠲᠡᠭᠡᠮᠵᠢ ᠶᠢᠨ ᠤᠯᠠᠭᠠᠨ ᠨᠡᠷᠡᠰ ᠲᠤ ᠣᠷᠣᠭᠤᠯᠤᠭᠰᠠᠨ ᠬᠠᠷᠭᠤᠭᠤᠯᠤᠨ ᠪᠠᠶᠢᠴᠠᠭᠠᠬᠤ ᠠᠵᠤ ᠠᠬᠤᠶᠢᠯᠠᠯ ᠨᠢ ᠭᠦᠢᠴᠡᠳᠬᠡᠬᠦ ᠪᠠᠨ ᠲᠦᠷᠭᠡᠳᠬᠡᠬᠦ ᠳᠤ ᠲᠥᠬᠦᠮ ᠦᠵᠡᠭᠦᠯᠬᠦ ᠦᠢᠯᠡᠴᠢᠯᠡᠭᠡ ᠶᠢ ᠭᠥᠷᠳᠡᠵᠦ᠂ ᠢᠲᠡᠭᠡᠯ ᠠᠯᠳᠠᠭᠰᠠᠨ ᠭᠤᠤᠯ ᠴᠣᠭᠴᠠ ᠶᠢᠨ ᠬᠠᠷ᠎ᠠ ᠲᠠᠩᠰᠠ ᠶᠢᠨ ᠢᠲᠡᠭᠡᠮᠵᠢ ᠠᠯᠳᠠᠭᠰᠠᠨ ᠠᠵᠤ ᠠᠬᠤᠶᠢᠯᠠᠯ ᠳᠤ ᠣᠷᠣᠭᠤᠯᠤᠨ᠂ ᠪᠠᠶᠢᠳᠠᠯ ᠢ ᠨᠢ ᠦᠵᠡᠵᠦ ᠪᠠᠶᠢᠭᠠᠳ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠢᠯᠡᠴᠢᠯᠡᠭᠡ ᠶᠢ ᠤᠷᠲᠤᠳᠬᠠᠬᠤ᠂ ᠳᠤᠲᠠᠭᠤ ᠦᠢᠯᠡᠴᠢᠯᠡᠭᠡ ᠶᠢ ᠪᠠᠭᠲᠠᠭᠠᠬᠤ᠂ ᠠᠮᠠᠯᠠᠯᠲᠠ ᠪᠠᠨ ᠮᠡᠳᠡᠭᠳᠡᠬᠦ᠂ ︽ᠰᠠᠭᠠᠳ ᠥᠬᠡᠶ ᠨᠡᠪᠲᠡᠷᠡᠬᠦ ᠵᠠᠮ︾ ᠵᠡᠷᠭᠡ ᠬᠠᠮᠢᠶ᠎ᠠ ᠪᠥᠬᠦᠶ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠠᠪᠴᠤ᠂ ᠢᠲᠡᠭᠡᠮᠵᠢ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠳᠠᠩᠰᠠᠯᠠᠬᠤ ᠭᠤᠭᠴᠤᠭ᠎ᠠ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠴᠢᠬᠤᠯᠠ ᠦᠢᠯᠡᠳᠦᠯ ᠢ ᠪᠠᠳᠠᠷᠠᠭᠤᠯᠤᠨ᠂ ︽ᠢᠲᠡᠭᠡᠯ ᠢᠶᠠᠨ ᠮᠡᠳᠡᠬᠦ᠂ ᠢᠲᠡᠭᠡᠯ ᠲᠠᠢ ᠪᠠᠶᠢᠬᠤ᠂ ᠢᠲᠡᠭᠡᠯ ᠢᠶᠠᠨ ᠬᠡᠷᠡᠭᠯᠡᠬᠦ︾ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ