ᠲᠠᠷᠢᠶᠠᠨ ᠭᠠᠵᠠᠷ ᠢ ᠬᠠᠮᠠᠭᠠᠯᠠᠬᠤ ᠳᠤ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠨ᠎ᠠ
ᠨᠡᠶᠢᠲᠡᠯᠡᠭᠰᠡᠨ ᠴᠠᠭ᠄
2024/6/27
  ᠡᠨᠡ ᠵᠢᠯ ᠤᠨ 6 ᠳ᠋ᠤᠭᠠᠷ ᠰᠠᠷ᠎ᠠ ᠶᠢᠨ 25 ᠤ ᠡᠳᠦᠷ ᠪᠣᠯ 34 ᠳ᠋ᠦ᠋ᠭᠡᠷ ᠪᠥᠬᠦ ᠤᠯᠤᠰ ᠤᠨ ᠭᠠᠵᠠᠷ ᠰᠢᠷᠣᠶ ᠶᠢᠨ ᠡᠳᠦᠷ ᠪᠠᠶᠢᠵᠤ᠂ ︽ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠵᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ︾ ᠪᠠᠷ ᠭᠤᠤᠯ ᠰᠡᠳᠦᠪ ᠪᠤᠯᠭᠠᠪᠠ᠃ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠠᠷᠤᠯᠲᠠ ᠨᠠᠩ ᠶᠡᠭᠡ᠂ ᠡᠭᠦᠷᠭᠡ ᠨᠠᠩ ᠬᠦᠨᠳᠦ ᠪᠠᠶᠢᠭ᠎ᠠ ᠪᠠᠶᠢᠳᠠᠯ ᠤᠨ ᠡᠮᠦᠨ᠎ᠡ᠂ ᠡᠷᠬᠡᠪᠰᠢ ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠭᠠᠵᠠᠷ ᠰᠢᠷᠣᠶ ᠶᠢ ᠨᠠᠨᠳᠢᠩᠨᠠᠬᠤ᠂ ᠵᠦᠶ ᠵᠣᠬᠢᠰᠲᠠᠶ ᠠᠰᠢᠭᠯᠠᠬᠤ ᠬᠠᠮᠲᠤ ᠶᠢᠨ ᠲᠠᠨᠢᠯᠲᠠ ᠪᠠ ᠠᠵᠢᠯᠯᠠᠭᠠᠨ ᠤ ᠤᠬᠠᠮᠰᠠᠷ ᠲᠠᠢ ᠪᠣᠯᠬᠤ ᠶᠢ ᠠᠬᠢᠭᠤᠯᠬᠤ ᠬᠡᠷᠡᠭᠲᠡᠶ᠃  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠷᠢᠳ ᠬᠤᠵᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ᠂ ᠲᠠᠷᠢᠶᠠᠨ ᠭᠠᠵᠠᠷ ᠤᠨ ᠤᠰᠤ ᠬᠦᠷᠦᠰᠦ ᠶᠢᠨ ᠪᠣᠬᠢᠷᠲᠤᠯ ᠢ ᠵᠠᠰᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠵᠡᠷᠭᠡ ᠶᠢ ᠬᠡᠷᠡᠭᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠵᠤ᠂ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠪᠠ᠃ ᠡᠳᠡᠭᠡᠷ ᠬᠠᠲᠠᠭᠤ ᠠᠷᠭ᠎ᠠ ᠬᠡᠮᠵᠢᠶ᠎ᠡ ᠨᠢ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠵᠤ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢᠨ ᠦᠷᠭᠦᠯᠵᠢᠯᠡᠨ ᠪᠠᠭᠤᠷᠠᠬᠤ ᠬᠠᠨᠳᠤᠰᠢ ᠶᠢ ᠠᠩᠬ᠎ᠠ ᠠᠯᠬᠤᠮ ᠬᠢᠵᠠᠭᠠᠷᠯᠠᠵᠠᠢ᠃ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠠᠴᠠ ᠦᠵᠡᠪᠡᠯ᠂ 2022 ᠣᠨ ᠳᠤ ᠪᠥᠬᠦ ᠤᠯᠤᠰ ᠤᠨ ᠲᠠᠷᠢᠶᠠᠨ ᠭᠠᠵᠠᠷ 130 ᠲᠦᠮᠡᠨ ᠮᠥ ᠴᠡᠪᠡᠷ ᠨᠡᠮᠡᠭᠳᠡᠵᠦ᠂ 2021 ᠣᠨ ᠤ ᠪᠥᠬᠦ ᠤᠯᠤᠰ ᠤᠨ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠴᠡᠪᠡᠷ ᠨᠡᠮᠡᠭᠳᠡᠯ ᠤᠨ ᠳᠠᠷᠠᠭᠠᠬᠢ ᠬᠤᠶᠠᠳᠤᠭᠠᠷ ᠵᠢᠯ ᠳᠤ ᠴᠡᠪᠡᠷ ᠨᠡᠮᠡᠭᠳᠡᠯ ᠢ ᠪᠡᠶᠡᠯᠡᠭᠦᠯᠦᠭᠰᠡᠨ ᠶᠠᠪᠤᠳᠠᠯ ᠪᠣᠯᠤᠨ᠎ᠠ᠃ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠨᠢᠭᠡᠨᠲᠡ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠤᠨᠠᠯᠲᠠ ᠣᠯᠠᠨ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠪᠠ᠃  ᠭᠠᠳᠠᠭᠠᠳᠤ ᠪᠠᠶᠢᠳᠠᠯ ᠤᠨ ᠳᠠᠪᠠᠯᠭᠠᠨ᠂ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠪᠠᠶᠢᠨ ᠳᠠᠬᠢᠨ ᠬᠡᠯᠪᠡᠯᠵᠡᠵᠦ᠂ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠭᠠᠷᠤᠯᠲᠠ ᠪᠠᠴᠢᠮ ᠲᠡᠩᠴᠡᠭᠦᠷᠢᠲᠡᠶ ᠪᠠᠶᠢᠬᠤ ᠪᠠᠶᠢᠳᠠᠯ ᠳᠣᠤᠷ᠎ᠠ᠂ ᠡᠷᠬᠡᠪᠰᠢ ᠲᠠᠷᠢᠶᠠᠨ ᠭᠠᠵᠠᠷ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠡᠭᠦᠨ ᠤ ᠬᠠᠮᠲᠤ᠂ ᠮᠠᠨ ᠤ ᠤᠯᠤᠰ ᠤᠨ ᠬᠥᠮᠦᠨ ᠣᠯᠠᠨ ᠭᠠᠵᠠᠷ ᠪᠠᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭᠰᠠᠨ ᠥᠬᠡᠶ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠂ ︽ᠲᠠᠷᠢᠶᠠᠯᠠᠩ ᠤᠨ ᠪᠤᠰᠤ ᠪᠣᠯᠭᠠᠬᠤ︾ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠬᠤ ᠰᠠᠭᠤᠷᠢ ᠬᠠᠷᠠᠬᠠᠨ ᠲᠣᠭᠲᠠᠭᠤᠨ ᠪᠤᠰᠤ ᠪᠠᠶᠢᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠠᠯ᠎ᠠ ᠪᠠᠷ ᠪᠠᠰᠠ ᠮᠠᠰᠢ ᠣᠯᠠᠨ ᠥᠷᠢᠲᠦᠵᠦ᠂ ᠵᠠᠷᠢᠮ ᠭᠠᠵᠠᠷ ᠣᠷᠣᠨ ᠤ ᠤᠰᠤ ᠬᠦᠷᠦᠰᠦ ᠶᠢᠨ ᠢᠳᠡᠭᠳᠡᠯ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ᠂ ᠤᠰᠤ ᠬᠦᠷᠦᠰᠦ ᠮᠠᠭᠤᠳᠠᠬᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠬᠦᠨᠳᠦᠷᠡᠵᠦ᠂ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠪᠠᠶᠢᠨ᠎ᠠ᠃  ᠲᠠᠷᠢᠶᠠᠨ ᠭᠠᠵᠠᠷ ᠢ ᠬᠠᠮᠠᠭᠠᠯᠠᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠲᠣᠪᠤᠶᠢᠮ᠎ᠠ ᠰᠠᠶᠢᠲᠤᠷ ᠡᠵᠡᠮᠳᠡᠵᠦ᠂ ᠬᠠᠲᠠᠭᠤ ᠠᠷᠭ᠎ᠠ ᠪᠣᠳᠠᠲᠠᠶ ᠠᠷᠭ᠎ᠠ ᠶᠢ ᠤᠯᠠᠮ ᠨᠢᠭᠡ ᠠᠯᠬᠤᠮ ᠠᠪᠬᠤ ᠬᠡᠷᠡᠭᠲᠡᠶ᠃ ︽ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠥᠲᠥᠯᠪᠦᠷᠢ ︵2021 — 2035 ᠣᠨ︶︾ ᠳᠤ 2035 ᠣᠨ ᠠᠴᠠ ᠡᠮᠦᠨ᠎ᠡ ᠪᠥᠬᠦ ᠤᠯᠤᠰ ᠤᠨ 18.65 ᠳ᠋ᠦᠩᠰᠢᠭᠤᠷ ᠮᠥ ᠲᠠᠷᠢᠶᠠᠨ ᠭᠠᠵᠠᠷ ᠪᠠ 15.46 ᠳ᠋ᠦᠩᠰᠢᠭᠤᠷ ᠮᠥ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠶᠢ ᠲᠣᠳᠣᠷᠬᠠᠶ ᠳᠤᠷᠠᠳᠪᠠ᠃ ᠡᠳᠡᠭᠡᠷ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠤᠯᠤᠰ ᠨᠢᠭᠡᠨᠲᠡ ᠲᠠᠷᠢᠶᠠᠨ ᠭᠠᠵᠠᠷ ᠢ ᠬᠠᠮᠠᠭᠠᠯᠠᠬᠤ ᠠᠵᠢᠯ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠲᠠᠷᠠᠭᠠᠴᠢ ᠶᠢᠨ ᠠᠯᠬᠤᠮ ᠳᠤ᠂ ᠦᠷᠭᠦᠯᠵᠢᠯᠡᠨ ︽ᠰᠢᠳᠦ ᠤᠷᠭᠤᠭᠤᠯᠬᠤ︾ ᠬᠠᠲᠠᠭᠤ ᠠᠷᠭ᠎ᠠ ᠬᠡᠮᠵᠢᠶ᠎ᠡ ᠠᠪᠴᠤ᠂ ᠡᠯ᠎ᠡ ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 18 ᠳ᠋ᠦᠩᠰᠢᠭᠤᠷ ᠮᠥ ᠲᠠᠷᠢᠶᠠᠨ ᠭᠠᠵᠠᠷ ᠢ ᠨᠡᠷ᠎ᠡ ᠨᠢᠳᠡᠷ ᠲᠡᠭᠡᠨ ᠨᠡᠶᠢᠴᠡᠭᠰᠡᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠲᠠᠷᠢᠶᠠᠨ ᠭᠠᠵᠠᠷ ᠢ ᠬᠠᠮᠠᠭᠠᠯᠠᠬᠤ ᠳᠤ ᠲᠤᠭ᠎ᠠ ᠬᠡᠮᠵᠢᠶ᠎ᠡ ᠶᠢ ᠪᠠᠲᠤᠯᠠᠬᠤ ᠮᠥᠷᠲᠡᠭᠡᠨ ᠶᠠᠰᠤ ᠴᠢᠨᠠᠷ ᠢ ᠴᠤ ᠳᠡᠭᠡᠭᠰᠢᠯᠡᠭᠦᠯᠵᠦ᠂ 15.46 ᠳ᠋ᠦᠩᠰᠢᠭᠤᠷ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠦᠨᠡᠨ ᠬᠦ ᠲᠠᠷᠢᠶᠠᠯᠠᠬᠤ ᠳᠤ ᠲᠤᠬᠢᠷᠠᠮᠵᠢᠳᠠᠢ᠂ ᠭᠠᠩ ᠤᠰᠤᠲᠤᠯ ᠠᠴᠠ ᠤᠨᠠᠯᠳᠠ ᠶᠢ ᠪᠠᠲᠤᠯᠠᠬᠤ᠂ ᠥᠨᠳᠥᠷ ᠤᠨᠠᠯᠳᠠ ᠲᠠᠢ ᠣᠳᠣᠬᠢᠴᠢᠯᠠᠭᠰᠠᠨ ᠰᠠᠶᠢᠨ ᠲᠠᠷᠢᠶ᠎ᠠ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠵᠤ᠂ ᠲᠥᠬᠦᠮ ᠲᠤᠭ᠎ᠠ ᠬᠡᠮᠵᠢᠶ᠎ᠡ ᠶᠢᠨ ᠲᠡᠩᠴᠡᠭᠦᠷᠢ ᠪᠣᠯᠵᠣ ᠪᠣᠯᠬᠤ ᠥᠬᠡᠶ᠂ ᠡᠷᠬᠡᠪᠰᠢ ᠶᠠᠰᠤ ᠴᠢᠨᠠᠷ ᠢ ᠲᠡᠩᠴᠡᠭᠦᠷᠢᠰᠢᠭᠦᠯᠬᠦ᠂ ᠦᠢᠯᠡᠳᠪᠦᠷᠢᠯᠡᠬᠦ ᠴᠢᠳᠠᠪᠤᠷᠢ ᠶᠢ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠶ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠦᠷᠭᠦᠯᠵᠢᠯᠡᠨ ᠥᠭᠡᠷᠡᠴᠢᠯᠡᠨ ᠲᠡᠭᠦᠯᠳᠡᠷᠵᠢᠭᠦᠯᠵᠦ᠂ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ᠂ ᠣᠶᠢᠵᠢᠭᠤᠯᠵᠤ ᠮᠣᠳᠣ ᠳᠠᠷᠢᠬᠤ ᠵᠡᠷᠭᠡ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠵᠤ᠂ ᠲᠠᠷᠢᠶᠠᠨ ᠭᠠᠵᠠᠷ ᠢ ᠨᠥᠬᠦᠪᠥᠷᠢᠯᠡᠬᠦ ᠶᠠᠰᠤ ᠴᠢᠨᠠᠷ ᠢ ᠰᠢᠯᠭᠠᠨ ᠠᠪᠬᠤ ᠲᠦᠷᠢᠮ ᠢ ᠪᠦᠷᠢᠨᠰᠢᠬᠦᠯᠤᠨ᠂ ᠬᠠᠲᠠᠭᠤ ᠬᠢᠵᠠᠭᠠᠷᠯᠠᠯ ᠢ ᠴᠢᠩᠭᠠᠳᠬᠠᠬᠤ ᠬᠡᠷᠡᠭᠲᠡᠶ᠃  ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠂ ︽ᠠᠮᠤ ᠪᠤᠳᠠᠭᠠᠨ ᠤ ᠪᠤᠰᠤ ᠪᠣᠯᠭᠠᠬᠤ︾ ᠶᠢᠨ ᠨᠢᠭᠡᠨ ᠴᠢᠬᠤᠯᠠ ᠰᠢᠯᠲᠠᠭᠠᠨ ᠪᠣᠯ ᠲᠠᠷᠢᠶᠠᠯᠠᠩ ᠢᠯᠠᠩᠭᠤᠶ᠎ᠠ ᠠᠮᠤ ᠪᠤᠳᠠᠭᠠᠨ ᠤ ᠲᠠᠷᠢᠮᠠᠯ ᠤᠨ ᠠᠰᠢᠭ ᠣᠷᠣᠯᠭ᠎ᠠ ᠨᠡᠯᠢᠶᠡᠳ ᠳᠣᠤᠷ᠎ᠠ ᠪᠠᠶᠢᠬᠤ ᠠᠴᠠ ᠪᠣᠯᠤᠭᠰᠠᠨ ᠶᠤᠮ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠣᠳᠣᠬᠢᠴᠢᠯᠠᠭᠰᠠᠨ ᠡᠷᠴᠢᠮᠵᠢᠭᠦᠯᠦᠭᠰᠡᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠤᠯᠠᠨ ᠵᠦᠢᠯ ᠤᠨ ᠬᠡᠯᠪᠡᠷᠢ ᠶᠢᠨ ᠲᠠᠷᠢᠶᠠᠯᠠᠩ ᠤᠨ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠬᠤ ᠨᠡᠯᠢᠶᠡᠳ ᠠᠰᠢᠭ ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠠᠰᠢᠭ ᠲᠤᠰᠠ ᠳᠤ ᠨᠥᠬᠦᠪᠥᠷᠢ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭᠠᠨ ᠤ ᠦᠢᠯᠡᠳᠪᠦᠷᠢᠯᠡᠯ ᠢ ᠠᠳᠬᠤᠬᠤ ᠢᠳᠡᠪᠬᠢᠵᠢᠯ ᠢ ᠳᠠᠶᠢᠴᠢᠯᠠᠵᠤ᠂ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ᠂ ᠭᠤᠤᠯ ᠪᠣᠷᠣᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠣᠯᠠᠭᠤᠯᠭ᠎ᠠ ᠲᠡᠩᠴᠡᠭᠦᠷᠢᠲᠡᠶ ᠣᠷᠣᠨ ᠤ ᠲᠠᠷᠢᠶᠠᠨ ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ 
ᠢᠷᠡᠯᠲᠡ᠄ ᠠᠵᠤ ᠠᠬᠤᠢ ᠶᠢᠨ ᠡᠳᠦᠷ ᠤᠨ ᠰᠣᠨᠢᠨ