︽ᠲᠠᠪᠤᠨ ᠶᠡᠭᠡ ᠡᠭᠦᠷᠭᠡ︾᠎ ᠶᠢ ᠲᠦᠷᠭᠡᠨ ᠨᠠᠶᠢᠳᠠᠪᠤᠷᠢᠵᠢᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ — ᠭᠠᠵᠠᠷ ᠰᠢᠷᠣᠶ ᠶᠢ ᠰᠠᠶᠢᠲᠤᠷ ᠬᠠᠮᠢᠶᠠᠷᠴᠤ ᠠᠮᠢᠳᠤᠯᠢᠭ ᠬᠡᠷᠡᠭᠯᠡᠵᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2024/7/1
  ᠥᠪᠥᠷ ᠮᠣᠩᠭᠤᠯ ︽ᠭᠠᠵᠠᠷ ᠰᠢᠷᠣᠶ ᠶᠢ ᠮᠠᠰᠢ ᠨᠠᠨᠳᠢᠩᠨᠠᠵᠤ᠂ ᠵᠦᠶ ᠵᠣᠬᠢᠰᠲᠠᠶ ᠠᠰᠢᠭᠯᠠᠬᠤ ᠪᠠ ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ︾ ᠵᠠᠷᠴᠢᠮ ᠶᠣᠰᠣᠭᠠᠷ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠬᠡᠷᠡᠭᠯᠡᠬᠦ ᠶᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃
7.1-1.jpg
  ᠨᠠᠷᠠᠰᠤ  ᠥᠪᠥᠷ ᠮᠣᠩᠭᠤᠯ ᠤᠨ ᠲᠧᠯᠸᠢᠰ ᠬᠤᠷᠢᠶ᠎ᠡ ᠶᠢᠨ ᠰᠤᠷᠪᠤᠯᠵᠢᠯᠠᠭᠴᠢ  ᠠᠳᠡ ᠪᠣᠯ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠤᠨ᠎ᠠ᠃ ᠡᠨᠡ ᠬᠤᠶᠠᠷ ᠡᠳᠦᠷ ᠪᠤᠭᠤᠳᠠᠢ ᠶᠢᠨ ᠤᠷᠭᠤᠴᠠ ᠶᠠᠭ ᠬᠦᠭᠵᠢᠩᠭᠦᠢ ᠪᠠᠶᠢᠨ᠎ᠠ᠃ ᠭᠠᠵᠠᠷ ᠰᠢᠷᠣᠶ ᠶᠢ ᠰᠠᠶᠢᠲᠤᠷ ᠠᠰᠢᠭᠯᠠᠬᠤ ᠶᠢᠨ ᠲᠥᠯᠥᠭᠡ᠂ ᠠᠳᠡ ᠪᠣᠭᠤᠳᠠᠶ ᠯᠠᠵᠤᠤ ᠳᠠᠪᠬᠤᠷᠯᠠᠨ ᠲᠠᠷᠢᠬᠤ ᠵᠠᠭᠪᠤᠷ ᠢ ᠬᠡᠷᠡᠭᠵᠢᠭᠦᠯᠵᠦ᠂ ᠨᠢᠭᠡ ᠬᠤᠪᠢ ᠭᠠᠵᠠᠷ ᠰᠢᠷᠣᠶ ᠶᠢ ᠬᠤᠶᠠᠷ ᠬᠤᠪᠢ ᠬᠤᠷᠢᠶᠠᠨ ᠣᠯᠪᠠ᠃
7.1-2.jpg
  ᠤᠷᠠᠳ ᠤᠨ ᠡᠮᠦᠨᠡᠲᠦ ᠬᠤᠰᠢᠭᠤᠨ ᠳᠤ 15 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠠᠢ ᠪᠠᠶᠢᠵᠤ᠂ ᠡᠨᠡ ᠵᠢᠯ ᠶᠠᠰᠤ ᠴᠢᠨᠠᠷ ᠢ ᠳᠡᠭᠡᠭᠰᠢᠯᠡᠭᠦᠯᠦᠨ 7 ᠲᠦᠮᠡᠨ ᠮᠥ ᠥᠭᠡᠷᠡᠴᠢᠯᠡᠵᠦ᠂ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 21 ᠬᠦᠷᠢᠶᠡᠯᠡᠩ ᠲᠣᠭᠤᠷᠢᠭ ᠢ ᠪᠠᠶᠢᠭᠤᠯᠵᠤ᠂ ᠳᠠᠪᠬᠤᠷᠯᠠᠨ ᠳᠠᠷᠢᠬᠤ ᠵᠠᠭᠪᠤᠷ ᠪᠠ ᠳᠣᠬᠢᠭᠤᠷ ᠲᠤᠯᠤᠭᠠᠨ ᠵᠠᠮᠴᠢᠯᠠᠭ᠎ᠠ ᠶᠢᠨ ᠠᠦ᠋ᠲ᠋ᠣ᠋ ᠲᠠᠷᠢᠶᠠᠯᠠᠬᠤ ᠰᠢᠰᠲ᠋ᠧᠮ ᠢᠶᠠᠷ ᠳᠠᠮᠵᠢᠭᠤᠯᠤᠨ᠂ ᠨᠢᠭᠲᠠ ᠲᠠᠷᠢᠵᠦ ᠦᠨᠳᠦᠷ ᠤᠨᠠᠯᠲᠠ ᠎ ᠲᠠᠢ ᠳᠠᠷᠢᠵᠤ ᠪᠣᠶᠢᠵᠢᠭᠤᠯᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠪᠠᠷ ᠠᠰᠢᠭᠯᠠᠪᠠ᠃
7..1-3.jpg
  ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠨᠠᠮ ᠤᠨ ᠡᠭᠦᠷ ᠤᠨ ᠱᠦᠵᠢ  ᠯᠢᠦ ᠵᠢᠶᠦ᠋ᠨ ᠨᠢᠳᠤᠨᠤᠨ ᠡᠨᠡ ᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠨᠢᠭᠲᠠ ᠳᠠᠷᠢᠵᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠢᠵᠡᠶ᠂ ᠡᠨᠡ ᠵᠢᠯ ᠪᠢᠳᠡ ᠪᠥᠬᠦ ᠬᠤᠰᠢᠭᠤᠨ ᠳᠤ ᠶᠡᠭᠡ ᠬᠡᠪᠴᠢᠶ᠎ᠡ ᠪᠠᠷ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠨᠠᠩ ᠣᠯᠠᠨ ᠲᠠᠷᠢᠮᠠᠯ ᠤᠨ ᠲᠣᠮᠣ ᠡᠷᠦᠬᠡ ᠳᠤ ᠮᠠᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠦᠭᠰᠡᠨ ᠡᠶᠢᠮᠦᠷᠬᠦ ᠦᠷ᠎ᠡ ᠪᠦᠲᠦᠭᠡᠯ ᠢ ᠡᠳ᠋ᠯᠡᠬᠦᠯᠪᠡ᠃
7.1-4.jpg
  ᠪᠠᠶᠠᠨᠨᠠᠭᠤᠷ ᠬᠤᠲᠠ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ 1089 ᠲᠦᠮᠡᠨ ᠮᠥ ᠪᠠᠶᠢᠵᠤ᠂ ᠪᠥᠬᠦ ᠬᠤᠲᠠ ᠶᠢᠨ ᠲᠠᠷᠢᠶᠠᠨ ᠭᠠᠵᠠᠷ ᠤᠨ ᠲᠠᠯᠠᠪᠠᠶ ᠶᠢᠨ 80%᠎ ᠶᠢ ᠡᠵᠡᠯᠡᠨ᠎ᠡ᠃ ᠪᠠᠶᠠᠨᠨᠠᠭᠤᠷ ᠬᠤᠲᠠ ᠲᠠᠷᠢᠶᠠᠨ ᠭᠠᠵᠠᠷ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠵᠢᠷᠰᠢᠭᠰᠠᠨ ᠭᠠᠵᠠᠷ ᠢ ᠰᠠᠶᠢᠵᠢᠷᠠᠭᠤᠯᠬᠤ ᠪᠠ ᠪᠣᠬᠢᠷᠲᠤᠯ ᠥᠬᠡᠶ ᠤᠰᠤᠯᠠᠬᠤ ᠮᠡᠷᠭᠡᠵᠢᠯ ᠢ ᠠᠬᠢᠭᠤᠯᠵᠤ᠂ ᠣᠳᠣᠬᠠᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠦᠰᠦᠯ ᠢ ᠨᠡᠶᠢᠲᠡ 230 ᠭᠠᠷᠤᠶ ᠲᠦᠮᠡᠨ ᠮᠥ ᠬᠡᠷᠡᠭᠵᠢᠭᠦᠯᠵᠦ᠂ ᠬᠤᠵᠢᠷᠰᠢᠭᠰᠠᠨ ᠲᠠᠷᠢᠶᠠᠨ ᠭᠠᠵᠠᠷ ᠢ 20 ᠭᠠᠷᠤᠶ ᠲᠦᠮᠡᠨ ᠮᠥ ᠰᠠᠶᠢᠵᠢᠷᠠᠭᠤᠯᠪᠠ᠃
7.1-5.jpg
  ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠲᠠᠷᠢᠶᠠᠨ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠲᠣ ᠨᠢᠭᠡᠨᠲᠡ ᠪᠥᠬᠦ ᠣᠷᠣᠨ ᠤ 50.46%᠎ ᠶᠢᠨ ᠤᠯᠤᠰ ᠤᠨ ᠭᠠᠵᠠᠷ ᠰᠢᠷᠤᠢ ᠶᠢᠨ ᠲᠠᠯᠠᠪᠠᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ 1.72 ᠳ᠋ᠦᠩᠰᠢᠭᠤᠷ ᠮᠦ ᠲᠠᠷᠢᠶᠠᠨ ᠭᠠᠵᠠᠷ ᠢ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠳᠤ ᠣᠷᠣᠭᠤᠯᠵᠤ᠂ 1.33 ᠳ᠋ᠦᠩᠰᠢᠭᠤᠷ ᠮᠦ ᠲᠠᠷᠢᠶᠠᠨ ᠭᠠᠵᠠᠷ ᠢ ᠦᠨᠳᠦᠰᠦᠨ ᠲᠠᠷᠢᠶᠠᠨ ᠭᠠᠵᠠᠷ ᠲᠤ ᠣᠷᠣᠭᠤᠯᠪᠠ᠃
7.1-6.jpg
  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠠᠷᠢᠶᠠᠨ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠭᠠᠵᠠᠷ ᠤᠨ ᠳᠡᠳ᠋ ᠳᠠᠷᠤᠭ᠎ᠠ  ᠵᠠᠩ ᠬᠤᠩ ᠹᠸᠢ ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠᠨ ᠴᠢᠩᠭᠠᠳᠬᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠳᠣᠪᠤᠶᠢᠯᠭᠠᠨ᠂ ᠬᠠᠲᠠᠭᠤ ᠠᠷᠭ᠎ᠠ ᠬᠡᠮᠵᠢᠶ᠎ᠡ ᠶᠢ ᠦᠨᠡᠨ ᠬᠦ ᠠᠪᠴᠤ᠂ ᠲᠠᠷᠢᠶᠠᠨ ᠭᠠᠵᠠᠷ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃
7.1-7.jpg
  ᠡᠨᠡ ᠵᠢᠯ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤ ︽ᠣᠶᠤᠨᠴᠢ ᠲᠠᠷᠢᠶᠠᠯᠠᠩ ᠤᠨ ᠪᠠᠲᠤᠯᠠᠭ᠎ᠠ︾᠎ ᠶᠢᠨ ᠲᠠᠪᠴᠠᠩ ᠢ ᠪᠠᠶᠢᠭᠤᠯᠵᠤ᠂ ᠲᠠᠷᠢᠶᠠᠨ ᠭᠠᠵᠠᠷ ᠲᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠳᠤ ᠬᠦᠴᠢᠷᠲᠡᠶ᠂ ᠬᠠᠤᠯᠢ ᠬᠡᠷᠡᠭᠵᠢᠭᠦᠯᠦᠭᠰᠡᠨ ᠨᠢ ᠬᠤᠴᠣᠷᠤᠩᠭᠤᠶ ᠪᠠᠶᠢᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠪᠡ᠃ ᠲᠠᠪᠴᠠᠩ ᠨᠢ ᠤᠷᠢᠳᠴᠢᠯᠠᠨ ᠰᠡᠷᠡᠮᠵᠢᠯᠡᠭᠦᠯᠬᠦ ᠵᠢᠷᠤᠭ ᠢᠶᠠᠨ ᠴᠠᠭ ᠲᠤᠬᠠᠶ ᠳᠤᠨᠢ ᠰᠢᠯᠵᠢᠭᠦᠯᠦᠨ ᠠᠪᠴᠤ ᠪᠣᠯᠬᠤ ᠪᠥᠭᠡᠳ ᠪᠠᠰᠠ ᠪᠠᠯᠭᠠᠰᠤ ᠲᠣᠰᠬᠤᠨ ᠬᠤᠶᠠᠷ ᠱᠠᠲᠤᠨ ᠤ ᠲᠠᠷᠢᠶᠠᠨ ᠳᠠᠷᠤᠭ᠎ᠠ ᠳᠤ ᠮᠡᠳᠡᠭᠳᠡᠵᠦ ᠲᠤᠬᠠᠶ ᠶᠢᠨ ᠲᠠᠯᠠᠪᠤᠷ ᠲᠤ ᠬᠢᠨᠠᠨ ᠪᠠᠶᠢᠴᠠᠭᠠᠯᠭᠠᠵᠤ ᠰᠢᠢᠳᠪᠦᠷᠢᠯᠡᠬᠦ ᠪᠣᠯᠤᠨ᠎ᠠ᠃
7.1-8.jpg
  ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ  ᠵᠠᠩ ᠰᠢᠶᠦ᠋ᠩ ᠱᠠᠨ  ᠲᠠᠷᠢᠶᠠᠨ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠦ᠋ᠲ᠋ᠤ᠋ ᠢᠯᠡᠷᠡᠭᠦᠯᠵᠦ᠂ ᠣᠶᠤᠨᠴᠢ ᠰᠡᠷᠡᠮᠵᠢᠯᠡᠭᠦᠯᠦᠨ᠂ ᠴᠠᠭ ᠲᠤᠬᠠᠶ ᠳᠤᠨᠢ ᠰᠢᠢᠳᠪᠦᠷᠢᠯᠡᠬᠦ ᠶᠢ ᠪᠡᠶᠡᠯᠡᠭᠦᠯᠪᠡ᠃
7.1-9.jpg
  ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠳᠤ ᠲᠣᠰᠬᠤᠨ ᠤ ᠠᠷᠠᠳ ᠶᠠᠭ ᠭᠡᠷ ᠪᠠᠷᠢᠵᠤ ᠪᠠᠶᠢᠨ᠎ᠠ᠃ ᠠᠳᠡᠬᠢ ᠭᠠᠵᠠᠷ ᠪᠣᠯ ᠪᠥᠬᠦ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠥᠷᠥ ᠶᠢᠨ ᠪᠣᠳᠣᠯᠭ᠎ᠠ ᠶᠢᠨ ᠲᠤᠷᠰᠢᠯᠲᠠ ᠶᠢᠨ ᠪᠠᠯᠭᠠᠰᠤ ᠪᠣᠯᠤᠨ᠎ᠠ᠂ ᠪᠥᠬᠦ ᠪᠠᠯᠭᠠᠰᠤᠨ ᠤ 4 ᠲᠣᠰᠬᠤᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ 4700 ᠭᠠᠷᠤᠶ ᠮᠥ ᠲᠠᠷᠢᠶᠠᠨ ᠭᠠᠵᠠᠷ ᠢ ᠡᠮᠬᠢᠯᠡᠨ ᠭᠠᠷᠭᠠᠪᠠ᠃
7.1-10.jpg
  ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠰᠢᠶᠠᠨ ᠹᠧᠩ ᠲᠣᠰᠬᠤᠨ ᠤ ᠠᠷᠠᠳ  ᠯᠢᠦ ᠬᠠᠶ ᠮᠢᠨ  ᠡᠨᠡ ᠬᠦ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠲᠦᠰᠦᠯ ᠮᠠᠰᠢ ᠰᠠᠶᠢᠨ ᠪᠠᠶᠢᠨ᠎ᠠ᠂ ᠮᠠᠨ ᠤ ᠠᠷᠠᠳ ᠣᠯᠠᠨ ᠴᠤ ᠮᠠᠰᠢ ᠵᠥᠪᠰᠢᠶᠡᠷᠡᠵᠦ ᠪᠠᠶᠢᠨ᠎ᠠ ᠭᠡᠵᠡᠢ᠃
7.1-11.jpg
  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠵᠠᠷ ᠤᠨ ᠳᠠᠷᠤᠭ᠎ᠠ  ᠱᠧᠨ ᠪᠦᠦ ᠯᠦᠩ ᠮᠠᠨ ᠤ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢᠨ ᠵᠤᠵᠠᠭᠠᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠠᠰᠢᠭᠯᠠᠬᠤ ᠶᠣᠰᠣᠲᠠᠶ ᠭᠠᠵᠠᠷ ᠰᠢᠷᠣᠶ ᠶᠢᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠭᠤᠯᠬᠤ ᠶᠢᠨ ᠬᠠᠮᠲᠤ ᠬᠠᠮᠠᠭᠠᠯᠠᠬᠤ ᠶᠣᠰᠣᠲᠠᠶ ᠭᠠᠵᠠᠷ ᠰᠢᠷᠣᠶ ᠶᠢᠨ ᠡᠬᠢ ᠪᠠᠶᠠᠯᠢᠭ ᠢ ᠪᠢᠳᠡ ᠬᠤᠷᠢᠭ᠎ᠠ ᠱᠤᠭᠤᠮ ᠪᠠ ᠤᠯᠠᠭᠠᠨ ᠱᠤᠭᠤᠮ ᠢ ᠴᠢᠩᠭ᠎ᠠ ᠰᠠᠬᠢᠨ᠎ᠠ᠃
7.1-12.jpg
  ᠣᠳᠣᠬᠠᠨ ᠳᠤ᠂ ᠥᠪᠥᠷ ᠮᠣᠩᠭᠤᠯ ᠤᠨ ᠲᠠᠷᠢᠶᠠᠨ ᠭᠠᠵᠠᠷ ᠤᠨ ᠲᠠᠯᠠᠪᠠᠶ 1.72 ᠳ᠋ᠦᠩᠰᠢᠭᠤᠷ ᠮᠥ ᠳᠤ ᠬᠦᠷᠴᠦ᠂ ᠪᠥᠬᠦ ᠤᠯᠤᠰ ᠤᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 8.97%᠎ ᠶᠢ ᠡᠵᠡᠯᠡᠵᠦ᠂ ᠪᠥᠬᠦ ᠤᠯᠤᠰ ᠲᠤ ᠬᠤᠶᠠᠳᠤᠭᠠᠷ ᠲᠤ ᠣᠷᠣᠵᠤ᠂ ᠪᠥᠬᠦ ᠤᠯᠤᠰ ᠤᠨ ᠲᠠᠪᠤᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠳ᠋ᠦᠩᠰᠢᠭᠤᠷ ᠮᠥ ᠶᠢ ᠳᠠᠪᠠᠭᠰᠠᠨ ᠮᠤᠵᠢ ᠣᠷᠣᠨ ᠤ ᠨᠢᠭᠡ ᠪᠣᠯᠵᠣ᠂ ᠵᠢᠯ ᠪᠦᠷᠢ ᠶᠢᠨ ᠠᠮᠤ ᠪᠤᠳᠠᠭᠠᠨ ᠤ ᠶᠡᠷᠦᠩᠬᠡᠶ ᠤᠨᠠᠯᠲᠠ ᠶᠢ 700 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ 
ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ