2024 ᠣᠨ ᠤ 7 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ | ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ | ᠰᠡᠷᠭᠡᠶᠢᠯᠡᠨ ᠵᠠᠰᠠᠬᠤ ᠬᠢᠷᠢ ᠬᠡᠮ ᠤᠨ ᠬᠢᠨᠠᠨ ᠵᠥᠪᠰᠢᠶᠡᠷᠡᠯ ᠤᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠠᠵᠢᠯ ᠤᠨ | ᠦᠨᠳᠦᠰᠦᠯᠡᠯ ᠪᠠ ᠵᠢᠷᠤᠮᠯᠠᠯ ᠬᠠᠩᠭᠠᠪᠠ᠃ | ᠨᠢᠭᠡ᠂ ᠶᠠᠭᠤᠨ ᠳᠤ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠠᠵᠢᠯ ᠢ ᠴᠢᠩᠭᠠᠳᠬᠠᠬᠤ | ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠪᠣᠶ︖ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ | ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠢᠷᠢ ᠬᠡᠮ ᠢ ᠭᠤᠶᠤᠴᠢᠯᠠᠬᠤ ᠨᠢᠭᠡᠴᠢ ᠶᠢᠨ | ᠳᠡᠭᠡᠭᠰᠢ ᠮᠡᠳᠡᠭᠦᠯᠬᠦ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠢ ᠵᠢᠷᠤᠮᠵᠢᠭᠤᠯᠬᠤ ᠶᠢᠨ | ᠲᠥᠯᠥᠭᠡ᠂ ᠬᠠᠮᠢᠶ᠎ᠠ ᠪᠥᠬᠦᠶ ᠪᠠᠶᠢᠳᠠᠯ ᠪᠠ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ ᠭᠤᠶᠤᠴᠢᠯᠠᠯ ᠤᠨ ᠨᠢᠭᠡᠴᠢ ᠳᠤ ᠵᠣᠬᠢᠴᠠᠩᠭᠤᠶ ᠢᠲᠡᠭᠡᠮᠵᠢ ᠶᠢᠨ | ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ ᠬᠡᠮᠵᠢᠶ᠎ᠡ ᠳᠤᠷᠠᠳᠪᠠ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠭᠥᠯᠢᠶᠡᠨ ᠠᠪᠴᠤ ᠰᠢᠢᠳᠪᠦᠷᠢᠯᠡᠬᠦ᠂ | ᠬᠢᠨᠠᠨ ᠰᠢᠯᠭᠠᠬᠤ᠂ ᠬᠢᠨᠠᠨ ᠵᠥᠪᠰᠢᠶᠡᠷᠡᠬᠦ᠂ ᠭᠦᠢᠴᠡᠳᠬᠡᠬᠦ ᠶᠠᠪᠤᠴᠠ ᠪᠠ ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃ | ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠬᠢᠷᠢ ᠭᠡᠮ ᠤᠨ ᠬᠠᠮᠢᠶᠠᠷᠤᠯᠲᠠ ᠶᠢᠨ ᠵᠢᠷᠤᠮᠵᠢᠭᠤᠯᠤᠯᠲᠠ ᠪᠠ | ᠳᠦᠷᠢᠮᠵᠢᠭᠦᠯᠦᠯᠲᠡ ᠶᠢ ᠪᠦᠲᠦᠮᠵᠢᠲᠡᠶ ᠲᠦᠯᠬᠢᠨ ᠠᠬᠢᠭᠤᠯᠬᠤ ᠬᠡᠷᠡᠭᠲᠡᠶ᠃ | ᠬᠤᠶᠠᠷ᠂ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠠᠵᠢᠯ ᠢ ᠴᠢᠩᠭᠠᠳᠬᠠᠬᠤ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠭᠤᠤᠯ ᠦᠨᠳᠦᠰᠦᠯᠡᠯ ᠨᠢ ᠶᠠᠭᠤ ᠪᠣᠶ︖ | ︽ᠮᠡᠳᠡᠭᠳᠡᠯ︾ ᠳᠤ ᠭᠤᠣᠯᠳᠠᠭᠤ ︽ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾᠂ ︽ᠭᠠᠵᠠᠷ ᠤᠨ ᠭᠠᠢ ᠭᠠᠮᠰᠢᠭ ᠢ ᠰᠡᠷᠭᠡᠶᠢᠯᠡᠨ | ᠵᠠᠰᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠶᠢ ᠦᠨᠳᠦᠰᠦᠯᠡᠨ ᠳᠠᠷᠤᠮᠠᠯᠯᠠᠨ ᠲᠠᠷᠬᠠᠭᠠᠪᠠ᠃ | ᠭᠤᠷᠪᠠ᠂ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠢ ᠬᠢᠨᠠᠨ ᠵᠥᠪᠰᠢᠶᠡᠷᠡᠬᠦ ᠠᠵᠢᠯ ᠢ ᠴᠢᠩᠭᠠᠳᠬᠠᠬᠤ ᠲᠤᠬᠠᠶ | ᠮᠡᠳᠡᠭᠳᠡᠯ︾ ᠤᠨ ᠭᠤᠤᠯ ᠠᠭᠤᠯᠭ᠎ᠠ ᠨᠢ ᠶᠠᠭᠤ ᠶᠠᠭᠤ ᠪᠣᠶ︖ | ︽ᠮᠡᠳᠡᠭᠳᠡᠯ︾ ᠨᠢ ᠭᠤᠣᠯᠳᠠᠭᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ ᠭᠦᠢᠴᠡᠳᠬᠡᠬᠦ ᠶᠠᠪᠤᠴᠠ ᠵᠢᠴᠢ ᠴᠠᠭ ᠤᠨ ᠬᠢᠵᠠᠭᠠᠷ᠂ ᠠᠩᠬᠠᠷᠬᠤ | ᠵᠦᠢᠯᠡᠰ ᠵᠡᠷᠭᠡ ᠭᠤᠷᠪᠠᠨ ᠶᠡᠭᠡ ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠶ᠃ ᠡᠭᠦᠨ ᠤ ᠬᠠᠮᠲᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ | ᠮᠠᠲ᠋ᠧᠷᠢᠶᠠᠯ ᠢ ᠬᠢᠨᠠᠨ ᠪᠠᠶᠢᠴᠠᠭᠠᠬᠤ᠂ ᠦᠷ᠎ᠡ ᠳ᠋ᠦᠩ ᠢ ᠢᠯᠡ ᠨᠡᠶᠢᠲᠡᠯᠡᠬᠦ᠂ ᠭᠦᠢᠴᠡᠳᠬᠡᠬᠦ ᠴᠠᠭ ᠤᠨ ᠬᠢᠵᠠᠭᠠᠷ ᠢ ᠤᠷᠲᠤᠳᠬᠠᠬᠤ᠂ ᠬᠤᠪᠢᠷᠠᠭᠠᠨ ᠬᠦᠴᠦᠨ | ᠥᠬᠡᠶ ᠪᠣᠯᠭᠠᠬᠤ᠂ ᠮᠠᠲ᠋ᠧᠷᠢᠶᠠᠯ ᠢ ᠪᠠᠶᠢᠴᠠᠭᠠᠨ ᠯᠠᠪᠯᠠᠬᠤ ᠠᠷᠭ᠎ᠠ ᠮᠠᠶ᠋ᠢᠭ ᠢ ᠦᠷᠭᠦᠯᠵᠢᠯᠡᠭᠦᠯᠬᠦ ᠶᠢ ᠨᠠᠷᠢᠯᠢᠬᠵᠢᠭᠤᠯᠪᠠ᠃ | ᠳᠥᠷᠪᠡ᠂ ᠬᠢᠷᠢ ᠬᠡᠮ ᠭᠤᠶᠤᠴᠢᠯᠠᠨ ᠮᠡᠳᠡᠭᠦᠯᠬᠦ ᠨᠢᠭᠡᠴᠢ ᠶᠢᠨ ᠬᠠᠷᠢᠭᠤᠴᠠᠯᠭ᠎ᠠ | ᠭᠤᠶᠤᠴᠢᠯᠠᠬᠤ ᠬᠢᠷᠢ ᠴᠢᠳᠠᠮᠵᠢ ᠲᠠᠢ ᠨᠢᠭᠡᠴᠢ ᠨᠢ ᠡᠷᠬᠡᠪᠰᠢ ᠬᠤᠯᠪᠣᠭᠳᠠᠯ ᠪᠥᠬᠦᠶ ᠮᠠᠲ᠋ᠧᠷᠢᠶᠠᠯ ᠢ ᠦᠨᠡᠨ ᠪᠣᠳᠠᠲᠠᠶ ᠪᠠᠷ ᠲᠤᠰᠢᠶᠠᠬᠤ ᠪᠠ ᠦᠨᠡᠨ ᠪᠣᠳᠠᠲᠠᠶ | ᠪᠠᠶᠢᠳᠠᠯ ᠢ ᠲᠤᠰᠬᠠᠬᠤ ᠬᠡᠷᠡᠭᠲᠡᠶ ᠪᠥᠭᠡᠳ ᠲᠤᠰᠢᠶᠠᠭᠰᠠᠨ ᠲᠤᠰᠬᠠᠶ ᠮᠡᠷᠭᠡᠵᠢᠯ ᠤᠨ ᠠᠵᠢᠯᠲᠠᠨ ᠤ ᠨᠡᠷᠡᠰ᠂ ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ | ᠦᠨᠡᠮᠯᠡᠯ᠂ ᠮᠡᠷᠭᠡᠵᠢᠯ ᠤᠨ ᠴᠣᠯᠠ ᠶᠢᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠭᠡᠷᠡᠴᠢ᠂ ᠨᠢᠭᠡᠴᠢ ᠶᠢᠨ ᠲᠥᠬᠦᠭᠡᠷᠦᠮᠵᠢ ᠶᠢᠨ ᠪᠠᠷᠢᠮᠲᠠ ᠪᠤᠶᠤ ᠰᠢᠯᠵᠢᠭᠦᠯᠦᠨ | ᠥᠭᠭᠦᠭᠰᠡᠨ ᠪᠠᠷᠢᠮᠲᠠ ᠂ ᠮᠡᠷᠭᠡᠵᠢᠯ ᠤᠨ ᠬᠠᠷᠢᠭᠤᠴᠠᠯᠭᠠᠲᠠᠨ ᠠᠴᠠ ᠲᠣᠮᠢᠯᠠᠭᠰᠠᠨ ᠪᠤᠶᠤ ᠤᠷᠢᠨ ᠲᠣᠮᠢᠯᠠᠭᠰᠠᠨ ᠪᠢᠴᠢᠭ ᠮᠠᠲ᠋ᠧᠷᠢᠶᠠᠯ᠂ ᠠᠵᠢᠯ ᠮᠡᠷᠭᠡᠵᠢᠯ ᠤᠨ | ᠡᠷᠡᠭᠦᠯ ᠮᠡᠨᠳᠦ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠤᠨ ᠭᠡᠷᠡᠴᠢᠯᠡᠯ ᠤᠨ ᠦᠨᠡᠮᠯᠡᠯ᠂ ᠠᠮᠤᠷ ᠲᠦᠪᠰᠢᠨ ᠤ ᠬᠠᠮᠢᠶᠠᠷᠤᠯᠲᠠ ᠶᠢᠨ | ᠰᠢᠰᠲ᠋ᠧᠮ ᠤᠨ ᠭᠡᠷᠡᠴᠢᠯᠡᠯ ᠤᠨ ᠦᠨᠡᠮᠯᠡᠯ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠤᠨ ᠪᠢᠴᠢᠭ ᠮᠠᠲ᠋ᠧᠷᠢᠶᠠᠯ᠂ ᠠᠵᠢᠯ ᠤᠨ ᠠᠮᠵᠢᠯᠲᠠ ᠪᠦᠲᠦᠮᠵᠢ ᠶᠢᠨ | ᠭᠡᠷ᠎ᠡ᠂ ᠰᠢᠯᠭᠠᠨ ᠠᠪᠤᠭᠰᠠᠨ ᠮᠡᠳᠡᠭᠦᠯᠦᠯᠲᠡ ᠪᠤᠶᠤ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠵᠡᠷᠭᠡ ᠮᠠᠲ᠋ᠧᠷᠢᠶᠠᠯ ᠤᠨ ᠭᠤᠶᠤᠴᠢᠯᠠᠯ ᠤᠨ | ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ ᠢ ᠬᠠᠷᠢᠭᠤᠴᠠᠨ᠎ᠠ᠃ ᠡᠭᠦᠨ ᠤ ᠬᠠᠮᠲᠦ ᠬᠠᠩᠭᠠᠭᠰᠠᠨ | ᠲᠤᠰᠬᠠᠢ ᠮᠡᠷᠭᠡᠵᠢᠯ ᠤᠨ ᠠᠵᠢᠯᠲᠠᠨ ᠨᠢ ᠲᠤᠰ ᠨᠢᠭᠡᠴᠢ ᠶᠢᠨ ᠪᠣᠳᠠᠲᠠᠢ ᠠᠵᠢᠯᠲᠠᠨ ᠠᠵᠢᠯᠴᠢᠨ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠠᠪᠤ᠂ ᠭᠦᠢᠴᠡᠳᠭᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ | ︽ᠮᠡᠳᠡᠭᠳᠡᠯ︾ ᠤᠨ ᠱᠠᠭᠠᠷᠳᠠᠯᠭ᠎ᠠ ᠶᠢ ᠦᠨᠳᠣᠰᠣᠯᠡᠨ᠂ ᠮᠡᠳᠡᠬᠦᠯᠬᠦ ᠱᠠᠭᠠᠷᠳᠡᠯᠭ᠎ᠠ ᠳᠤ ᠨᠡᠶᠢᠴᠡᠬᠦ ᠶᠢ ᠨᠢ ᠬᠦᠯᠢᠶᠡᠨ ᠠᠪᠴᠥ ᠰᠢᠢᠳᠪᠦᠷᠢᠯᠡᠬᠦ ᠡᠳᠣᠷ ᠠᠴᠠ | ᠡᠬᠢᠯᠡᠨ 20 ᠠᠵᠢᠯᠯᠠᠬᠤ ᠡᠳᠣᠷ ᠲᠤ ᠬᠦᠢᠴᠡᠳᠭᠡᠨ᠎ᠠ᠃ ᠣᠨᠴᠠᠭᠠᠶ ᠰᠢᠯᠲᠠᠭᠠᠨ ᠠᠴᠠ ᠪᠣᠯᠵᠣ 20 ᠠᠵᠢᠯᠯᠠᠬᠤ ᠡᠳᠦᠷ ᠤᠨ ᠳᠣᠲᠣᠷ᠎ᠠ ᠵᠥᠪᠰᠢᠶᠡᠷᠡᠬᠦ | ᠲᠣᠭᠲᠠᠭᠠᠯ ᠭᠠᠷᠭᠠᠵᠤ ᠳᠡᠶᠢᠯᠬᠦ ᠥᠬᠡᠶ ᠪᠠᠶᠢᠪᠠᠯ᠂ 10 ᠠᠵᠢᠯᠯᠠᠬᠤ ᠡᠳᠦᠷ ᠤᠷᠲᠤᠳᠬᠠᠵᠤ ᠪᠣᠯᠬᠤ ᠪᠥᠭᠡᠳ ᠬᠤᠭᠤᠴᠠᠭ᠎ᠠ ᠶᠢ ᠤᠷᠲᠤᠳᠬᠠᠭᠰᠠᠨ | ᠰᠢᠯᠲᠠᠭᠠᠨ ᠢᠶᠠᠨ ᠭᠤᠶᠤᠴᠢᠯᠠᠭᠰᠠᠨ ᠨᠢᠭᠡᠴᠢ ᠳᠤ ᠮᠡᠳᠡᠭᠳᠡᠨ᠎ᠡ᠃ | |