ᠭᠠᠵᠠᠷ ᠰᠢᠷᠣᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠨᠢ ᠳᠠᠪᠠᠭᠤᠯᠢᠭ ᠭᠠᠵᠠᠷ ᠣᠷᠣᠨ ᠳᠤ ᠬᠡᠷᠬᠢᠨ ᠨᠡᠩ ᠶᠡᠭᠡ ᠬᠥᠭᠵᠢᠯᠲᠡ ᠶᠢᠨ ᠣᠷᠣᠨ ᠵᠠᠢ ᠲᠠᠢ ᠪᠣᠯᠬᠤ ᠶᠢ ᠳᠡᠮᠵᠢᠬᠦ ᠪᠤᠢ︖
ᠨᠡᠶᠢᠲᠡᠯᠡᠭᠰᠡᠨ ᠴᠠᠭ᠄
2024/7/31
  ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 30 ᠤ ᠡᠳᠦᠷ ᠤᠨ ᠴᠠᠭᠢᠯᠭᠠᠨ ᠮᠡᠳᠡᠭᠡ ︵ᠰᠣᠷᠪᠤᠯᠵᠢᠯᠠᠬᠴᠢ ᠸᠠᠩ ᠯᠢ ᠪᠢᠠ︶ ᠨᠠᠮ ᠤᠨ ᠬᠤᠷᠢᠲᠣᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠲᠣᠭᠠᠷ ᠪᠦᠭᠦᠲᠠ ᠬᠤᠷᠠᠯ ᠠᠴᠠ ᠬᠢᠨᠠᠨ ᠵᠦᠪᠯᠠᠵᠤ ᠪᠠᠲᠣᠯᠠᠬᠰᠠᠨ ᠣᠢᠭᠡᠷᠠᠴᠢᠯᠠᠯᠲᠠ ᠶᠢ ᠣᠯᠠᠮ ᠨᠢᠭᠡ ᠠᠯᠬᠤᠮ ᠪᠦᠭᠦ ᠲᠠᠯ᠎ᠠ ᠪᠠᠷ ᠬᠦᠢᠠᠵᠠᠭᠡᠶᠢᠷᠠᠭᠦᠯᠣᠠ᠂ ᠳᠣᠮᠲᠠᠲᠤ ᠤᠯᠤᠰ ᠤᠨ ᠮᠠᠶ᠋ᠢᠭ ᠤᠨ ᠣᠲᠣᠭᠢᠴᠢᠯᠠᠯᠲᠠ ᠶᠢ ᠠᠭᠢᠭᠤᠯᠬᠤ ᠳᠣᠬᠠᠢ ᠳᠣᠮᠲᠠᠲᠤ ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠳᠣᠬᠲᠠᠭᠠᠯ ᠢ ᠴᠢᠬᠤᠯᠠᠴᠢᠯᠠᠬᠰᠠᠨ ᠨᠢ᠂ ᠭᠠᠵᠠᠷ ᠰᠢᠷᠣᠢ ᠶᠢᠨ ᠬᠠᠮᠢᠶᠠᠷᠣᠯᠲᠠ ᠶᠢ ᠰᠢᠯᠢᠳᠡᠭᠵᠢᠭᠦᠯᠵᠦ᠂ ᠬᠤᠷᠸ᠎ᠠ ᠳᠦᠷᠤ ᠶᠢᠨ ᠪᠤᠲᠣᠯᠭ᠎ᠠ ᠪᠠ ᠣᠷᠣᠠ ᠪᠦᠰᠠ ᠶᠢᠨ ᠬᠦᠭᠵᠢᠯᠲᠡ ᠯᠤᠭ᠎ᠠ ᠣᠢᠠᠲᠣᠷ ᠪᠦᠲᠣᠮᠵᠢᠲᠠᠢ ᠪᠠᠷ ᠵᠣᠯᠭᠠᠬᠤ ᠭᠠᠵᠠᠷ ᠰᠢᠷᠣᠢ ᠶᠢᠨ ᠬᠠᠮᠢᠶᠠᠷᠣᠯᠲᠠ ᠶᠢᠨ ᠳᠦᠷᠢᠮ ᠢ ᠲᠠᠭᠦᠯᠲᠠᠷᠵᠢᠭᠦᠯᠵᠤ᠂ ᠳᠠᠪᠠᠭᠤᠯᠢᠭ ᠭᠠᠵᠠᠷ ᠣᠷᠣᠨ ᠢ ᠨᠡᠩ ᠬᠦᠭᠵᠢᠯᠲᠡ ᠶᠢᠨ ᠤᠷᠤᠨ ᠵᠠᠢ ᠲᠠᠢ ᠪᠤᠯᠭᠠᠨ᠎ᠠ᠃  ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠬᠤᠷᠸ᠎ᠠ ᠲᠥᠷᠥ ᠶᠢᠨ ᠪᠣᠳᠣᠯᠭ᠎ᠠ᠂ ᠣᠷᠣᠨ ᠪᠦᠰᠡ ᠶᠢᠨ ᠬᠥᠭᠵᠢᠯᠲᠡ ᠲᠠᠢ ᠨᠠᠩ ᠥᠨᠳᠥᠷ ᠪᠦᠲᠦᠮᠵᠢᠲᠡᠶ ᠠᠪᠴᠠᠯᠳᠤᠭᠰᠠᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠲᠦᠷᠢᠮ ᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ ᠭᠠᠵᠠᠷ ᠰᠢᠷᠣᠶ ᠶᠢᠨ ᠡᠯᠧᠮᠧᠨ᠋ᠲ ᠤᠨ ᠲᠣᠬᠢᠷᠠᠭᠤᠯᠤᠯᠲᠠ ᠶᠢᠨ ᠣᠨᠣᠪᠴᠢᠲᠤ ᠴᠢᠨᠠᠷ ᠪᠠ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠤᠯ ᠴᠣᠭᠴᠠ ᠶᠢᠨ ᠴᠢᠳᠠᠮᠵᠢ ᠶᠢᠨ ᠬᠢᠵᠠᠭᠠᠷᠯᠠᠯ ᠪᠦᠲᠦᠮᠵᠢᠲᠡᠶ᠂ ᠤᠯᠤᠰ ᠤᠨ ᠭᠠᠵᠠᠷ ᠰᠢᠷᠣᠶ ᠶᠢᠨ ᠨᠡᠭᠡᠭᠡᠨ ᠬᠥᠭᠵᠢᠭᠦᠯᠦᠯᠲᠡ ᠵᠣᠬᠢᠴᠠᠩᠭᠤᠶ ᠪᠥᠭᠡᠳ ᠡᠮᠬᠢ ᠵᠢᠷᠤᠮ ᠲᠠᠢ ᠣᠷᠣᠨ ᠵᠠᠶ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃  ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠤᠭ᠎ᠠ ᠪᠠᠷᠢᠮᠲᠠ ᠠᠴᠠ ᠦᠵᠡᠪᠡᠯ᠂ 2024 ᠣᠨ ᠳᠤ ᠪᠦᠬᠦ ᠤᠯᠤᠰ ᠤᠨ ᠭᠠᠵᠠᠷ ᠬᠡᠷᠡᠭᠯᠡᠬᠦ ᠲᠥᠯᠥᠪᠯᠡᠭᠡ 600 ᠲᠦᠮᠡᠨ ᠮᠦ᠃ ᠲᠣᠬᠢᠷᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ᠂ ᠴᠢᠬᠤᠯᠠ ᠶᠡᠭᠡ ᠲᠥᠷᠥᠯ ᠵᠦᠢᠯ ᠳᠤ ᠬᠡᠷᠡᠭᠯᠡᠬᠦ ᠭᠠᠵᠠᠷ ᠢ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠨᠠᠷᠢᠨ ᠬᠠᠭᠤᠳᠠᠰᠤ ᠶᠢ ᠦᠨᠳᠦᠰᠦᠯᠡᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠣᠬᠢᠷᠠᠭᠤᠯᠤᠨ᠎ᠠ︔ ᠭᠤᠣᠯᠳᠠᠯᠭ᠎ᠠ ᠲᠠᠢ ᠲᠥᠷᠥᠯ ᠵᠦᠢᠯ ᠳᠤ ᠬᠡᠷᠡᠭᠯᠡᠬᠦ ᠭᠠᠵᠠᠷ ᠢ ᠭᠤᠣᠯᠳᠠᠯᠭ᠎ᠠ ᠲᠠᠢ ᠪᠠᠲᠤᠯᠠᠬᠤ ᠳᠤ ᠣᠷᠣᠭᠤᠯᠤᠭᠰᠠᠨ ᠦᠭᠡᠢ ᠪᠠᠶᠢᠪᠠᠯ᠂ ᠨᠡᠮᠡᠭᠳᠡᠯ ᠤᠨ ᠲᠣᠬᠢᠷᠠᠭᠤᠯᠤᠯᠲᠠ ᠶᠢ ᠬᠠᠳᠠᠭᠠᠯᠠᠯᠲᠠ ᠶᠢᠨ ᠬᠡᠮᠵᠢᠶ᠎ᠡ ᠲᠠᠢ ᠬᠤᠯᠪᠣᠭᠳᠠᠭᠤᠯᠬᠤ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ ᠣᠷᠣᠨ ᠨᠤᠲᠤᠭ ᠤᠨ ᠬᠢᠨ ᠬᠠᠳᠠᠭᠠᠯᠠᠯᠲᠠ ᠶᠢᠨ ᠬᠡᠮᠵᠢᠶ᠎ᠡ ᠶᠢ ᠤᠯᠠᠮ ᠣᠯᠠᠨ ᠪᠣᠯᠭᠠᠵᠤ᠂ ᠲᠥᠯᠥᠪᠯᠡᠭᠡ ᠶᠢᠨ ᠬᠢᠵᠠᠭᠠᠷᠯᠠᠬᠤ ᠬᠡᠮᠵᠢᠶ᠎ᠡ ᠶᠢ ᠤᠯᠠᠮ ᠠᠷᠪᠢᠨ ᠣᠯᠪᠠ᠃  ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠲᠡᠶᠢᠰᠢ ᠬᠡᠯᠪᠠᠶᠢᠯᠭᠡᠵᠦ ᠰᠠᠭᠤᠷᠢ ᠭᠦᠢᠴᠡᠳᠬᠡᠬᠦ ᠲᠤᠭ᠎ᠠ ᠶᠢ ᠲᠣᠬᠢᠷᠠᠭᠤᠯᠤᠨ᠎ᠠ᠃ ᠦᠯᠡᠳᠡᠭᠡᠯ ᠪᠠᠶᠢᠳᠠᠯ᠂ ᠭᠠᠵᠠᠷ ᠣᠷᠣᠨ ᠤ GDP᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠣᠷᠣᠵᠤ ᠡᠷᠦᠬᠡ ᠠᠮᠠ ᠣᠷᠣᠭᠤᠯᠤᠭᠰᠠᠨ ᠲᠤᠭ᠎ᠠ ᠬᠡᠮᠵᠢᠶ᠎ᠡ᠂ ᠭᠠᠳᠠᠷ ᠮᠤᠵᠢ ᠶᠢᠨ ᠬᠥᠮᠦᠨ ᠠᠮᠠ ᠶᠢ ᠰᠢᠩᠭᠡᠭᠡᠨ ᠠᠪᠤᠭᠰᠠᠨ ᠲᠤᠭ᠎ᠠ ᠬᠡᠮᠵᠢᠶ᠎ᠡ ᠵᠡᠷᠭᠡ ᠲᠠᠢ ᠤᠶᠠᠯᠳᠤᠭᠤᠯᠵᠤ ᠪᠠᠶᠢᠭᠠᠳ ᠰᠠᠭᠤᠷᠢ ᠭᠦᠢᠴᠡᠳᠬᠡᠯ ᠲᠤᠭ᠎ᠠ ᠶᠢ ᠲᠥᠰᠦᠭᠡᠯᠡᠨ ᠪᠣᠳᠣᠵᠤ᠂ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠮᠤᠵᠢ ᠶᠢᠨ ᠨᠠᠮ ᠤᠨ ᠬᠤᠷᠢᠶ᠎ᠠ ᠮᠤᠵᠢ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠮᠤᠵᠢ ᠶᠢᠨ ᠱᠠᠲᠤᠨ ᠤ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠵᠢᠴᠢ ᠦᠯᠡᠳᠡᠭᠡᠯ ᠭᠠᠵᠠᠷ ᠰᠢᠷᠣᠶ ᠶᠢᠨ ᠳᠠᠯᠳᠠ ᠬᠦᠴᠦᠨ ᠢᠶᠠᠷ ᠪᠠᠭ᠎ᠠ ᠬᠤᠲᠠ ᠰᠢᠶᠠᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠪᠠᠲᠤᠯᠠᠨ᠎ᠠ᠃  ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠳ᠋ᠠᠩ ᠭᠦᠸᠧ ᠶᠢᠩ ᠬᠥᠮᠥᠨ ᠠᠮᠠ ᠶᠢᠨ ᠨᠢᠭᠲᠠᠴᠠ ᠶᠢᠨ ᠡᠯᠧᠮᠧᠨ᠋ᠲ ᠠᠴᠠ ᠭᠠᠳᠠᠨ᠎ᠠ᠂ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠳᠤ ᠪᠠᠰᠠ ᠠᠵᠤ ᠠᠬᠤᠢ ᠶᠢᠨ ᠨᠢᠭᠲᠠᠴᠠ ︵ᠨᠢᠭᠡᠴᠢ ᠲᠠᠯᠠᠪᠠᠢ ᠶᠢᠨ GDP ᠶᠢᠨ ᠭᠠᠷᠭᠠᠯᠲᠠ︶ ᠶᠢ ᠪᠣᠳᠣᠯᠬᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠲᠣᠳᠣᠷᠬᠠᠢ ᠱᠠᠭᠠᠷᠳᠠᠯᠭ᠎ᠠ ᠶᠣᠰᠣᠭᠠᠷ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠭᠠᠵᠠᠷ ᠰᠢᠷᠣᠢ ᠶᠢᠨ ᠠᠰᠢᠭᠯᠠᠯᠲᠠ ᠶᠢ ᠰᠢᠯᠢᠳᠡᠭᠵᠢᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠬᠥᠭᠵᠢᠭᠦᠯᠵᠦ᠂ ᠭᠠᠵᠠᠷ ᠰᠢᠷᠣᠢ ᠶᠢ ᠬᠤᠯᠢᠯᠳᠤᠭᠤᠯᠤᠨ ᠨᠡᠭᠡᠭᠡᠨ ᠠᠰᠢᠭᠯᠠᠬᠤ᠂ ᠬᠡᠷᠡᠭᠴᠡᠭᠡ ᠶᠢ ᠵᠦᠢ ᠵᠣᠬᠢᠰᠲᠠᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠦᠯᠡᠳᠡᠭᠡᠯ ᠭᠠᠵᠠᠷ ᠰᠢᠷᠣᠢ ᠪᠠ ᠳᠣᠣᠷ᠎ᠠ ᠠᠰᠢᠭᠯᠠᠮᠵᠢᠲᠤ ᠭᠠᠵᠠᠷ ᠢ ᠠᠮᠢᠳᠤᠯᠢᠭ ᠪᠣᠯᠭᠠᠬᠤ ᠬᠡᠷᠡᠭᠲᠡᠢ᠃  ᠣᠷᠤᠨ ᠪᠦᠰᠡ ᠶᠢᠨ ᠳᠠᠪᠠᠭᠤᠯᠢᠭ ᠨᠢ ᠬᠠᠷᠢᠴᠠᠩᠬᠤᠶ᠃ ᠠᠮᠤ ᠪᠤᠳᠠᠭ᠎ᠠ ᠪᠣᠯᠤᠨ ᠠᠮᠢ ᠠᠬᠤᠶ ᠶᠢᠨ ᠳᠠᠪᠠᠭᠤᠯᠢᠭ ᠭᠠᠵᠠᠷ ᠣᠷᠣᠨ ᠢ ᠪᠠᠲᠤᠯᠠᠬᠤ ᠶᠠᠪᠤᠳᠠᠯ ᠪᠣᠯ ᠭᠠᠵᠠᠷ ᠰᠢᠷᠣᠶ ᠶᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠪᠠᠰᠠ ᠴᠢᠩᠭᠠᠷᠠᠵᠤ ᠪᠠᠶᠢᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠳᠠᠪᠠᠭᠤᠯᠤᠨ ᠡᠭᠦᠷᠭᠡᠯᠡᠭᠰᠡᠨ ᠮᠤᠵᠢ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠵᠣᠬᠢᠬᠤ ᠬᠠᠷᠢᠴᠠᠯ ᠢᠶᠠᠷ ᠱᠠᠩᠨᠠᠨ ᠬᠥᠬᠢᠭᠦᠯᠬᠦ ᠲᠥᠯᠥᠪᠯᠡᠭᠡ ᠶᠢᠨ ᠭᠦᠢᠴᠡᠳᠬᠡᠯ ᠲᠤᠭ᠎ᠠ︔ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠤᠪᠢᠶᠠᠷᠢᠯᠠᠨ ᠲᠣᠭᠲᠠᠭᠠᠭᠰᠠᠨ ᠲᠠᠯᠠᠪᠠᠶ ᠶᠢᠨ ᠬᠠᠷᠢᠴᠠᠯ ᠵᠢᠴᠢ ᠬᠠᠮᠠᠭᠠᠯᠠᠯᠲᠠ ᠶᠢᠨ ᠪᠠᠶᠢᠳᠠᠯ ᠢ ᠦᠨᠳᠦᠰᠦᠯᠡᠨ᠂ ᠡᠮᠦᠨ᠎ᠡ ᠠᠷᠪᠠᠨ ᠮᠤᠵᠢ ᠵᠢᠴᠢ ᠤᠯᠠᠭᠠᠨ ᠮᠣᠳᠣ ᠣᠶᠢᠵᠢᠭᠤᠯᠤᠯᠲᠠ ᠳᠤ ᠬᠢᠷᠢ ᠲᠡᠩᠴᠡᠭᠰᠡᠨ ᠮᠤᠵᠢ ᠶᠢᠨ ᠵᠣᠬᠢᠬᠤ ᠲᠣᠭᠠᠨ ᠤ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠱᠠᠩᠨᠠᠨ ᠬᠥᠬᠢᠭᠦᠯᠦᠨ᠎ᠡ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠡᠮᠵᠢᠵᠦ᠂ ︽ᠮᠠᠯᠠᠭᠠᠢ ᠵᠡᠭᠦᠵᠦ︾ ᠶᠠᠳᠠᠭᠤ ᠠᠴᠠ ᠠᠩᠭᠢᠵᠢᠷᠠᠭᠤᠯᠬᠤ ᠰᠢᠶᠠᠨ ᠨᠢᠭᠡᠪᠦᠷᠢ ᠶᠢᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ 600 ᠮᠦ ᠪᠠᠭᠤᠯᠭᠠᠵᠤ᠂ ᠲᠣᠰᠬᠤᠨ ᠤ ᠠᠷᠠᠳ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠠᠰ ᠲᠤᠨᠢ ᠵᠢᠭᠰᠠᠭᠠᠪᠠ᠃  ᠳᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠵᠦᠢ ᠶᠢᠨ ᠰᠢᠨᠵᠢᠯᠡᠬᠦ ᠤᠬᠠᠭᠠᠨ ᠪᠣᠯᠤᠨ ᠡᠬᠢ ᠪᠠᠶᠠᠯᠢᠭ ᠤᠨ ᠰᠤᠳᠤᠯᠭᠠᠨ ᠤ ᠭᠠᠵᠠᠷ ᠤᠨ ᠰᠤᠳᠤᠯᠭᠠᠲᠠᠨ ᠯᠢᠦ ᠶᠠᠨ ᠰᠦᠢ ᠬᠡᠯᠡᠬᠦ ᠳᠡᠭᠡᠨ᠄ ᠵᠡᠭᠦᠨ ᠬᠡᠰᠡᠭ ᠪᠣᠯᠤᠨ ᠪᠠᠷᠠᠭᠤᠨ ᠬᠡᠰᠡᠭ ᠦᠪᠡᠷ ᠦᠪᠡᠷ ᠤᠨ ᠳᠠᠪᠠᠭᠤᠯᠢᠭ ᠲᠠᠯ᠎ᠠ ᠲᠠᠢ᠂ ᠬᠤᠲᠠ ᠪᠣᠯᠤᠨ ᠬᠥᠳᠡᠭᠡ ᠲᠣᠰᠬᠤᠨ ᠪᠠᠰᠠ ᠦᠪᠡᠷ ᠤᠨ ᠳᠠᠪᠠᠭᠤᠯᠢᠭ ᠲᠠᠯ᠎ᠠ ᠲᠠᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠴᠢᠨ ᠡᠷᠦᠬᠡ ᠶᠢᠨ ᠬᠠᠤᠯᠢ ᠶᠣᠰᠣᠨ ᠤ ᠣᠷᠣᠨ ᠰᠠᠭᠤᠴᠠ ᠶᠢ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢᠳᠤᠯᠢᠭ ᠠᠰᠢᠭᠯᠠᠬᠤ ᠶᠢ ᠵᠥᠪᠰᠢᠶᠡᠷᠡᠵᠦ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠭᠠᠵᠠᠷ ᠰᠢᠷᠣᠶ ᠶᠢᠨ ᠥᠷᠲᠡᠭ ᠤᠨ ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠦᠷᠢᠨᠰᠢᠬᠦᠯᠦᠨ᠂ ᠬᠥᠳᠡᠭᠡ ᠲᠣᠰᠬᠤᠨ ᠢ ᠬᠤᠲᠠ ᠶᠢᠨ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠵᠦ᠂ ᠬᠤᠲᠠ ᠬᠥᠳᠡᠭᠡ ᠶᠢ ᠠᠭᠤᠰᠤᠯᠴᠠᠭᠤᠯᠬᠤ ᠰᠢᠨ᠎ᠡ ᠣᠷᠣᠨ ᠵᠠᠶ ᠶᠢ ᠨᠡᠭᠡᠭᠡᠬᠦ ᠬᠡᠷᠡᠭᠲᠡᠶ᠃ 
ᠢᠷᠡᠯᠲᠡ᠄ ᠰᠢᠨᠬᠤᠸᠠ ᠬᠤᠷᠢᠶ᠎ᠠ