︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵2022 ᠣᠨ ᠤ 10 ᠳ᠋ᠤᠭᠠᠷ ᠰᠠᠷ᠎ᠠ ᠶᠢᠨ 27 ᠤ ᠡᠳᠦᠷ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠤᠶᠠᠳᠤᠭᠠᠷ ᠤᠳᠠᠭᠠᠨ ᠤ ᠬᠤᠷᠠᠯ ᠠᠴᠠ ᠪᠠᠲᠤᠯᠠᠪᠠ︶ ᠶᠢᠨ ᠶᠢᠰᠦᠳᠦᠭᠡᠷ ᠵᠦᠢᠯ ᠳᠤ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠲᠥᠷᠥᠯ ᠵᠦᠢᠯ ᠢ ᠨᠢᠭᠡᠳᠦᠭᠡᠷ ᠳᠡᠰ᠂ ᠬᠤᠶᠠᠳᠤᠭᠠᠷ ᠳᠡᠰ ᠬᠤᠶᠠᠷ ᠳᠡᠰ ︵ᠭᠤᠷᠪᠠᠳᠤᠭᠠᠷ ᠳᠡᠰ ᠥᠬᠡᠶ︶ ᠭᠡᠵᠦ ᠬᠤᠪᠢᠶᠠᠨ᠎ᠠ᠃ ︽ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠵᠢᠷᠤᠮᠵᠢᠯ︾ ︵GB/T40112 — 2021︶ 4.6.1 ᠵᠤᠷᠪᠤᠰ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠶᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠬᠤᠪᠢᠶᠠᠵᠤ᠂ ︽ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ᠲᠠᠢ    ᠵᠥᠷᠢᠴᠡᠯᠳᠦᠪᠡ᠃ ᠪᠣᠳᠠᠲᠠᠢ ᠰᠡᠳᠦᠪ ᠢ ᠦᠨᠡᠯᠡᠨ ᠵᠢᠱᠢᠬᠦ ᠦᠶ᠎ᠡ ᠳᠤ ᠠᠯᠢ ᠨᠢᠭᠡ ᠪᠠᠷ ᠪᠠᠷᠢᠮᠵᠢᠶ᠎ᠠ ᠪᠣᠯᠭᠠᠬᠤ ᠶᠣᠰᠣᠲᠠᠢ ᠪᠤᠢ︖
ᠨᠡᠶᠢᠲᠡᠯᠡᠭᠰᠡᠨ ᠴᠠᠭ᠄
2024/8/1
  ᠯᠠᠪᠯᠠᠯᠭ᠎ᠠ᠄ ︽ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵2022 ᠣᠨ ᠤ 10 ᠳ᠋ᠤᠭᠠᠷ ᠰᠠᠷ᠎ᠠ ᠶᠢᠨ 27 ᠤ ᠡᠳᠦᠷ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠤᠶᠠᠳᠤᠭᠠᠷ ᠤᠳᠠᠭᠠᠨ ᠤ ᠬᠤᠷᠠᠯ ᠠᠴᠠ ᠪᠠᠲᠤᠯᠠᠪᠠ︶ ᠶᠢᠨ ᠶᠢᠰᠦᠳᠦᠭᠡᠷ ᠵᠦᠢᠯ ᠳᠤ ᠭᠠᠵᠠᠷ ᠤᠨ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠲᠥᠷᠥᠯ ᠵᠦᠢᠯ ᠢ ᠨᠢᠭᠡᠳᠦᠭᠡᠷ ᠳᠡᠰ᠂ ᠬᠤᠶᠠᠳᠤᠭᠠᠷ ᠳᠡᠰ ᠬᠤᠶᠠᠷ ᠳᠡᠰ ︵ᠭᠤᠷᠪᠠᠳᠤᠭᠠᠷ ᠳᠡᠰ ᠥᠬᠡᠶ︶ ᠭᠡᠵᠦ ᠬᠤᠪᠢᠶᠠᠨ᠎ᠠ᠃ ︽ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠵᠢᠷᠤᠮᠵᠢᠯ︾ ︵GB/T40112 — 2021︶ 4.6.1 ᠵᠤᠷᠪᠤᠰ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠶᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠬᠤᠪᠢᠶᠠᠵᠤ᠂ ︽ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ᠲᠠᠢ ᠵᠥᠷᠢᠴᠡᠯᠳᠦᠪᠡ᠃ ᠪᠣᠳᠠᠲᠠᠢ ᠰᠡᠳᠦᠪ ᠢ ᠦᠨᠡᠯᠡᠨ ᠵᠢᠱᠢᠬᠦ ᠦᠶ᠎ᠡ ᠳᠤ ᠠᠯᠢ ᠨᠢᠭᠡ ᠪᠠᠷ ᠪᠠᠷᠢᠮᠵᠢᠶ᠎ᠠ ᠪᠣᠯᠭᠠᠬᠤ ᠶᠣᠰᠣᠲᠠᠢ ᠪᠤᠢ︖  ᠬᠠᠷᠢᠭᠤᠯᠲᠠ᠄ ᠲᠠ ᠰᠠᠶᠢᠨ︕ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠵᠠᠷᠯᠢᠭ 8 ᠳ᠋ᠤᠭᠠᠷ ᠲᠣᠭᠠᠲᠤ︶ ᠤᠨ ᠶᠢᠰᠦᠳᠦᠭᠡᠷ ᠵᠦᠢᠯ ᠳᠤ ᠲᠣᠭᠲᠠᠭᠠᠭᠰᠠᠨ ᠪᠣᠯ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠲᠥᠷᠥᠯ ᠵᠦᠢᠯ ᠢ ᠲᠠᠰ ᠬᠤᠪᠢᠶᠠᠵᠤ᠂ ᠡᠭᠦᠨ ᠤ ᠵᠣᠷᠢᠯᠭ᠎ᠠ ᠨᠢ ᠬᠥᠬᠡ ᠲᠠᠰ᠂ ᠬᠥᠬᠡᠭᠴᠢᠨ ᠲᠠᠰ ᠤᠨ ᠬᠢᠷᠢ ᠴᠢᠳᠠᠮᠵᠢ ᠲᠠᠢ ᠨᠢᠭᠡᠴᠢ ᠶᠢᠨ ᠳᠠᠭᠠᠭᠠᠨ ᠠᠪᠬᠤ ᠲᠥᠷᠥᠯ ᠵᠦᠢᠯ ᠤᠨ ᠬᠡᠪᠴᠢᠶ᠎ᠡ ᠶᠢ ᠲᠣᠳᠣᠷᠬᠠᠶᠢᠯᠠᠬᠤ ᠶᠢᠨ ᠲᠥᠯᠥᠭᠡ ᠶᠤᠮ᠃ ︽ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠵᠢᠷᠤᠮᠵᠢᠯ︾ ︵GB/T40112 — 2021︶ ᠭᠠᠵᠠᠷ ᠤᠨ ᠭᠠᠶ ᠭᠠᠮᠰᠢᠭ ᠠᠮᠠᠷᠬᠠᠨ ᠡᠭᠦᠰᠬᠦ ᠣᠷᠣᠨ ᠳᠤ ᠡᠯ᠎ᠡ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠲᠥᠯᠥᠪᠵᠢᠭᠦᠯᠭᠡ ᠶᠢᠨ ᠪᠣᠯᠤᠮᠵᠢᠲᠤ ᠰᠤᠳᠤᠯᠭᠠᠨ ᠤ ᠱᠠᠲᠤ ᠦᠶ᠎ᠡ ᠶᠢᠨ ᠶᠡᠭᠦᠷᠡᠬᠦ᠂ ᠨᠤᠷᠠᠵᠤ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ᠂ ᠴᠢᠯᠠᠭᠤᠯᠢᠭ ᠨᠢ ᠨᠤᠷᠠᠵᠤ ᠶᠡᠭᠦᠷᠡᠬᠦ᠂ ᠮᠠᠯᠲᠠᠵᠤ ᠬᠥᠨᠳᠡᠶᠢᠷᠡᠭᠦᠯᠬᠦ᠂ ᠭᠠᠵᠠᠷ ᠤᠨ ᠠᠩ ᠴᠠᠪᠠ ᠭᠠᠷᠬᠤ᠂ ᠭᠠᠵᠠᠷ ᠤᠨ ᠭᠠᠳᠠᠷᠭᠤ ᠳᠣᠷᠣᠭᠰᠢ ᠰᠠᠭᠤᠬᠤ᠂ ᠲᠣᠭᠲᠠᠭᠤᠨ ᠪᠤᠰᠤ ᠨᠠᠯᠠᠤ ᠪᠠᠯ ᠵᠡᠷᠭᠡ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠳᠤ ᠲᠣᠬᠢᠷᠠᠨ᠎ᠠ᠂ ᠪᠠᠷᠢᠮᠵᠢᠶ᠎ᠠ ᠶᠢᠨ ᠳᠣᠲᠣᠷ᠎ᠠ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠶᠢᠨ ᠲᠠᠰ ᠬᠤᠪᠢᠶᠠᠬᠤ ᠳᠤ ᠳᠣᠭᠢᠷᠠᠨ᠎ᠠ᠃ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠠᠶᠤᠯᠲᠤ ᠴᠢᠨᠠᠷ ᠢ ᠦᠨᠡᠯᠡᠨ ᠵᠢᠱᠢᠬᠦ ᠲᠥᠷᠥᠯ ᠵᠦᠢᠯ ᠢ ᠳᠠᠭᠠᠭᠠᠨ ᠠᠪᠬᠤ ᠳᠠᠭᠠᠨ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠵᠠᠷᠯᠢᠭ 8 ᠳ᠋ᠤᠭᠠᠷ ᠲᠣᠭᠠᠲᠤ︶ ᠤᠨ ᠶᠢᠰᠦᠳᠦᠭᠡᠷ ᠵᠦᠢᠯ᠂ ᠠᠷᠪᠠᠨ ᠨᠢᠭᠡᠳᠦᠭᠡᠷ ᠵᠦᠢᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠬᠦ ᠦᠶ᠎ᠡ ᠶᠢᠨ ᠮᠡᠷᠭᠡᠵᠢᠯ ᠤᠨ ᠪᠠᠷᠢᠮᠵᠢᠶ᠎ᠠ ᠶᠢ ᠤᠯᠤᠰ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ 
ᠢᠷᠡᠯᠲᠡ᠄ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ