ᠠᠰᠠᠭᠤᠯᠲᠠ᠄ ᠲᠦᠷ ᠬᠡᠷᠡᠭᠯᠡᠬᠦ ᠭᠠᠵᠠᠷ ᠤᠨ ᠬᠤᠭᠤᠴᠠᠭ᠎ᠠ ᠶᠢ ᠤᠷᠲᠤᠳᠬᠠᠵᠤ ᠪᠣᠯᠬᠤ ᠦᠦ︖ ᠬᠡᠷᠪᠡ ᠬᠤᠭᠤᠴᠠᠭ᠎ᠠ ᠶᠢ ᠤᠷᠲᠤᠳᠬᠠᠵᠤ ᠳᠡᠶᠢᠯᠪᠡᠯ᠂ | ᠬᠤᠭᠤᠴᠠᠭ᠎ᠠ ᠶᠢ ᠤᠷᠲᠤᠳᠬᠠᠬᠤ ᠨᠥᠬᠦᠴᠡᠯ ᠵᠢᠴᠢ ᠬᠢᠨᠠᠨ ᠬᠠᠷᠭᠤᠭᠤᠯᠬᠤ ᠱᠠᠭᠠᠷᠳᠠᠯᠭ᠎ᠠ ᠶᠢ ᠲᠤᠳᠤᠷᠬᠠᠶᠢᠯᠠᠬᠤ ᠬᠡᠷᠡᠭᠲᠡᠢ ᠤᠤ︖ | ᠬᠠᠷᠢᠭᠤᠯᠲᠠ᠄ ᠣᠳᠣ ᠶᠢᠨ ᠬᠡᠷᠡᠭᠵᠢᠭᠦᠯᠵᠦ ᠪᠠᠶᠢᠭ᠎ᠠ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠳᠤ ᠵᠠᠰᠠᠪᠤᠷᠢ | ᠣᠷᠣᠭᠤᠯᠵᠤ ᠨᠡᠶᠢᠲᠡᠯᠡᠬᠦ ᠠᠴᠠ ᠡᠮᠦᠨ᠎ᠡ᠂ ᠨᠢᠭᠡᠨᠲᠡ ᠵᠥᠪᠰᠢᠶᠡᠷᠡᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ | ᠲᠦᠷ ᠴᠠᠭ ᠬᠡᠷᠡᠭᠯᠡᠬᠦ ᠭᠠᠵᠠᠷ ᠤᠨ ᠬᠤᠭᠤᠴᠠᠭ᠎ᠠ ᠨᠢ ᠨᠢᠭᠡᠨᠲᠡ 2 ᠵᠢᠯ ᠬᠡᠲᠦᠷᠡᠭᠰᠡᠨ ᠮᠥᠷᠲᠡᠭᠡᠨ ᠦᠷᠭᠦᠯᠵᠢᠯᠡᠨ ᠬᠡᠷᠡᠭᠯᠡᠬᠦ ᠴᠢᠬᠤᠯᠠᠲᠠᠢ ᠪᠣᠯ᠂ ᠭᠠᠵᠠᠷ ᠬᠡᠷᠡᠭᠯᠡᠬᠦ | ᠣᠷᠣᠨ ᠪᠠᠶᠢᠷᠢ ᠶᠢ ᠬᠤᠪᠢᠷᠠᠭᠤᠯᠬᠤ ᠦᠭᠡᠢ᠂ ᠭᠠᠵᠠᠷ ᠬᠡᠷᠡᠭᠯᠡᠬᠦ ᠬᠡᠪᠴᠢᠶ᠎ᠡ ᠶᠢ ᠥᠷᠭᠡᠳᠬᠡᠬᠦ ᠦᠭᠡᠢ ᠨᠥᠬᠦᠴᠡᠯ ᠳᠣᠣᠷ᠎ᠠ᠂ ᠤᠤᠯ ᠤᠨ ᠬᠢᠨᠠᠨ ᠵᠥᠪᠰᠢᠶᠡᠷᠡᠭᠰᠡᠨ | ᠪᠠᠶᠢᠭᠤᠯᠭ᠎ᠠ ᠪᠠᠷ ᠵᠥᠪᠰᠢᠶᠡᠷᠡᠭᠦᠯᠦᠭᠡᠳ ᠦᠷᠭᠦᠯᠵᠢᠯᠡᠨ ᠬᠡᠷᠡᠭᠯᠡᠵᠦ ᠪᠣᠯᠣᠨ᠎ᠠ᠂ ᠭᠡᠪᠡᠴᠦ ᠶᠡᠷᠦᠩᠬᠡᠢ ᠳᠤ ᠨᠢ ᠬᠡᠷᠡᠭᠯᠡᠬᠦ ᠬᠤᠭᠤᠴᠠᠭ᠎ᠠ ᠶᠢ ᠳᠥᠷᠪᠡᠨ ᠵᠢᠯ ᠠᠴᠠ | ᠬᠡᠲᠦᠷᠡᠭᠦᠯᠵᠦ ᠪᠣᠯᠬᠤ ᠦᠭᠡᠢ︔ ᠡᠭᠦᠨ ᠠᠴᠠ ᠭᠠᠳᠠᠨᠠᠬᠢ ᠲᠦᠷ ᠴᠠᠭ ᠬᠡᠷᠡᠭᠯᠡᠬᠦ ᠭᠠᠵᠠᠷ ᠤᠨ ᠬᠤᠭᠤᠴᠠᠭ᠎ᠠ ᠶᠢ ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ | ᠲᠦᠷ ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠢ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠣᠭᠲᠠᠭᠠᠯ ﹇2021﹈ 2 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠶᠣᠰᠣᠭᠠᠷ ᠬᠡᠷᠡᠭᠵᠢᠭᠦᠯᠦᠨ᠎ᠡ᠃ | |