ᠦᠰᠦᠭ ᠪᠢᠴᠢᠭ ᠢᠶᠠᠷ ᠦᠭᠦᠯᠡᠭᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠠᠯᠠ ᠮᠥᠩᠭᠦ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/23
  2024 ᠣᠨ ᠤ 8 ᠳ᠋ᠤᠭᠠᠷ ᠰᠠᠷ᠎ᠠ ᠶᠢᠨ 23᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠠᠯᠠ ᠮᠥᠩᠭᠦ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠤᠨ ᠵᠣᠬᠢᠶᠠᠨ ᠪᠠᠶᠢᠭᠤᠯᠤᠯᠲᠠ᠂ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠬᠠᠮᠢᠶᠠᠷᠤᠯᠲᠠ ᠵᠠᠰᠠᠯᠲᠠ ᠶᠢ ᠳᠡᠭᠡᠭᠰᠢᠯᠡᠭᠦᠯᠬᠦ ᠳᠤ ᠠᠵᠢᠯ ᠤᠨ ᠦᠨᠳᠦᠰᠦᠯᠡᠯ ᠪᠠ ᠵᠢᠷᠤᠮᠯᠠᠯ ᠬᠠᠩᠭᠠᠪᠠ᠃  ᠨᠢᠭᠡ᠂ ᠶᠠᠭᠤᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠠᠯᠠ ᠮᠥᠩᠭᠦ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ︾᠎ ᠶᠢ ᠳᠠᠷᠤᠮᠠᠯᠯᠠᠨ ᠲᠠᠷᠬᠠᠭᠠᠬᠤ ᠪᠣᠶ︖  ︽ᠠᠷᠭ᠎ᠠ︾᠎ ᠶᠢ ᠳᠠᠷᠤᠮᠠᠯᠯᠠᠨ ᠲᠠᠷᠬᠠᠭᠠᠭᠰᠠᠨ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠵᠤ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ ᠶᠤᠮ᠃  ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠡᠯᠡ ᠮᠥᠩᠭᠦ ᠶᠢᠨ ᠲᠤᠰᠬᠠᠢ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠭᠰᠠᠨ ᠭᠤᠣᠯ ᠦᠨᠳᠦᠰᠦᠯᠡᠯ ᠨᠢ ᠶᠠᠭᠤ ᠪᠣᠢ︖  ︽ᠠᠷᠭ᠎ᠠ︾᠎ ᠶᠢ ᠲᠣᠭᠲᠠᠭᠠᠭᠰᠠᠨ ᠭᠤᠤᠯ ᠦᠨᠳᠦᠰᠦᠯᠡᠯ ᠪᠣᠯ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 394 ᠳ᠋ᠦ᠋ᠭᠡᠷ ᠲᠣᠭᠠᠲᠤ︶᠂ ︽ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2011﹈ 20 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ︾ ︵ᠥᠪᠥᠷ ᠬᠥᠮᠦᠨ ᠪᠠᠶᠢᠩᠭᠤ ᠲᠠᠷᠬᠠᠭᠠᠭᠰᠠᠨ ﹇2021﹈ 52 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠷᠣᠭᠰᠢ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 134 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2023﹈ 18 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠲᠣᠭᠲᠠᠭᠠᠯ ᠪᠣᠯᠤᠨ᠎ᠠ᠃  ᠭᠤᠷᠪᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠡᠯᠡ ᠮᠥᠩᠭᠦ ᠶᠢᠨ ᠲᠤᠰᠬᠠᠢ ᠬᠠᠮᠢᠶᠠᠷᠤᠯᠲᠠ ᠶᠢᠨ ᠠᠷᠭ᠎ᠠ︾᠎ ᠶᠢᠨ ᠲᠣᠬᠢᠷᠠᠬᠤ ᠬᠡᠪᠴᠢᠶ᠎ᠡ ᠨᠢ ᠶᠠᠭᠤ ᠪᠣᠢ︖  ︽ᠠᠷᠭ᠎ᠠ︾᠎ ᠳᠠᠬᠢ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠠᠯᠠ ᠮᠥᠩᠭᠦ ᠭᠡᠳᠡᠭ ᠨᠢ ᠲᠥᠪ ᠤᠨ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠭᠠᠵᠠᠷ ᠤᠨ ᠭᠠᠶ ᠭᠠᠮᠰᠢᠭ ᠤᠨ ᠢᠨᠵᠧᠨᠧᠷᠢᠩ ᠢ ᠵᠠᠰᠠᠬᠤ᠂ ᠠᠶᠤᠯ ᠢ ᠠᠷᠢᠯᠭᠠᠨ ᠤᠰᠠᠳᠬᠠᠬᠤ᠂ ᠠᠶᠤᠯ ᠠᠴᠠ ᠵᠠᠶᠢᠯᠠᠭᠤᠯᠵᠤ ᠨᠡᠭᠦᠯᠭᠡᠬᠦ ᠵᠡᠷᠭᠡ ᠪᠠᠶᠢᠭᠠᠯᠢ ᠶᠢᠨ ᠬᠦᠴᠦᠨ ᠵᠦᠢᠯ ᠠᠴᠠ ᠪᠣᠯᠤᠭᠰᠠᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠤᠰᠬᠠᠶ ᠵᠦᠢᠯ ᠤᠨ ᠰᠢᠯᠵᠢᠭᠦᠯᠦᠨ ᠥᠭᠬᠦ ᠲᠦᠰᠦᠯ ᠪᠠ ᠪᠠᠯᠠ ᠮᠥᠩᠭᠦ ᠶᠢ ᠵᠢᠭᠠᠵᠤ ᠪᠣᠶ᠃ ᠲᠣᠰ ︽ᠠᠷᠭ᠎ᠠ︾᠎ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ᠂ ᠪᠣᠶ ᠪᠥᠬᠦᠶ ᠰᠡᠳᠦᠪ ᠳᠠᠭᠤᠰᠤᠭᠠᠳᠤᠶ ᠲᠦᠰᠦᠯ ᠳᠤ ᠴᠥᠮ ᠲᠣᠰ ᠠᠷᠭ᠎ᠠ ᠶᠢ ᠬᠡᠷᠡᠭᠯᠡᠨ᠎ᠡ᠃  ᠳᠥᠷᠪᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠠᠯᠠ ᠮᠥᠩᠭᠦ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ︾᠎ ᠶᠢᠨ ᠭᠤᠤᠯ ᠠᠭᠤᠯᠭ᠎ᠠ ᠨᠢ ᠶᠠᠭᠤ ᠶᠠᠭᠤ ᠪᠣᠶ︖  ︽ᠠᠷᠭ᠎ᠠ︾᠎ ᠳᠤ ᠭᠤᠤᠯᠳᠠᠭᠤ ᠶᠡᠷᠦᠩᠬᠡᠶ ᠲᠦᠷᠢᠮ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠲᠦᠰᠦᠯ ᠤᠨ ᠬᠠᠮᠢᠶᠠᠷᠤᠯᠲᠠ᠂ ᠪᠠᠯᠠ ᠮᠥᠩᠭᠦ ᠶᠢᠨ ᠬᠠᠮᠢᠶᠠᠷᠤᠯᠲᠠ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠳᠠᠭᠠᠯᠳᠤᠭᠤᠯᠤᠯ ᠲᠦᠷᠢᠮ ᠵᠡᠷᠭᠡ ᠵᠢᠷᠭᠤᠭᠠᠨ ᠲᠠᠯ᠎ᠠ ᠶᠢ ᠪᠠᠭᠲᠠᠭᠠᠨ᠎ᠠ᠃ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠪᠠ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ︔ ᠳᠠᠷᠠᠭ᠎ᠠ ᠨᠢ ᠲᠦᠰᠦᠯ ᠲᠣᠭᠲᠠᠭᠠᠬᠤ ᠰᠠᠨᠠᠭᠤᠯᠭ᠎ᠠ᠂ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ᠂ ᠰᠡᠳᠦᠪ ᠲᠣᠭᠲᠠᠭᠠᠬᠤ ᠪᠠᠷ ᠮᠡᠳᠡᠭᠦᠯᠬᠦ᠂ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ᠂ ᠲᠦᠰᠦᠯ ᠢ ᠬᠥᠮᠥᠷᠭᠡ ᠳᠤ ᠣᠷᠣᠭᠤᠯᠬᠤ᠂ ᠲᠦᠰᠦᠯ ᠢ ᠬᠥᠮᠥᠷᠭᠡ ᠠᠴᠠ ᠭᠠᠷᠭᠠᠬᠤ᠂ ᠲᠦᠰᠦᠯ ᠢ ᠲᠦᠰᠦᠪᠯᠡᠬᠦ᠂ ᠪᠠᠷᠢᠯᠭ᠎ᠠ ᠪᠠᠷᠢᠬᠤ ᠬᠠᠮᠢᠶᠠᠷᠤᠯᠲᠠ᠂ ᠬᠢᠨᠠᠯᠲᠠ ᠲᠠᠯᠪᠢᠵᠤ ᠪᠠᠶᠢᠴᠠᠭᠠᠬᠤ᠂ ᠲᠦᠰᠦᠯ ᠢ ᠰᠢᠯᠭᠠᠨ ᠠᠪᠬᠤ᠂ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠵᠤ ᠳᠠᠩᠰᠠᠯᠠᠭᠤᠯᠬᠤ ᠵᠡᠷᠭᠡ ᠲᠠᠯ᠎ᠠ ᠪᠠᠷ ᠪᠣᠳᠠᠲᠠᠶ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠪᠠ︔ ᠪᠡᠯᠡ ᠮᠥᠩᠭᠦ ᠬᠤᠪᠢᠶᠠᠷᠢᠯᠠᠬᠤ᠂ ᠰᠠᠯᠭᠠᠨ ᠥᠭᠬᠦ᠂ ᠠᠮᠵᠢᠯᠲᠠ ᠪᠦᠲᠦᠮᠵᠢ ᠶᠢ ᠦᠨᠡᠯᠡᠬᠦ ᠬᠠᠮᠢᠶᠠᠷᠤᠯᠲᠠ᠂ ᠪᠡᠯᠡ ᠮᠥᠩᠭᠦ ᠶᠢᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠲᠠᠯ᠎ᠠ ᠪᠠᠷ ᠪᠡᠯᠡ ᠮᠥᠩᠭᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠪᠠ︔ ᠬᠠᠮᠤᠭ ᠰᠡᠭᠦᠯ ᠳᠤ ᠲᠦᠰᠦᠯ ᠢ ᠬᠡᠷᠡᠭᠵᠢᠭᠦᠯᠬᠦ ᠠᠬᠢᠴᠠ᠂ ᠢᠨᠵᠧᠨᠧᠷᠢᠩ ᠤᠨ ᠶᠠᠰᠤ ᠴᠢᠨᠠᠷ᠂ ᠪᠡᠯᠡ ᠮᠥᠩᠭᠦ ᠥᠭᠬᠦ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠲᠠᠯ᠎ᠠ ᠪᠠᠷ ᠬᠢᠨᠠᠨ ᠬᠠᠮᠢᠶᠠᠷᠴᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃  ᠲᠠᠪᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠠᠯᠠ ᠮᠥᠩᠭᠦ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ︾᠎ ᠨᠢ ᠬᠢᠷᠢ ᠴᠢᠳᠠᠮᠵᠢ ᠲᠠᠢ ᠨᠢᠭᠡᠴᠢ᠂ ᠲᠤᠰᠬᠠᠶ ᠮᠡᠷᠭᠡᠵᠢᠯᠲᠡᠨ ᠢ ᠰᠣᠩᠭᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠠᠯ᠎ᠠ ᠪᠠᠷ ᠶᠠᠮᠠᠷ ᠱᠠᠭᠠᠷᠳᠠᠯᠭ᠎ᠠ ᠲᠠᠯᠪᠢᠭᠰᠠᠨ ᠪᠣᠶ︖  ᠲᠦᠰᠦᠯ ᠲᠣᠭᠲᠠᠭᠠᠬᠤ ᠰᠠᠨᠠᠭᠤᠯᠭ᠎ᠠ᠂ ᠲᠦᠰᠦᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠴᠠ ᠲᠦᠰᠦᠯ ᠤᠨ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠳᠤ ᠴᠥᠮ ᠡᠷᠬᠡᠪᠰᠢ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾᠎ ᠶᠢᠨ ᠲᠣᠭᠲᠠᠭᠠᠯ ᠶᠣᠰᠣᠭᠠᠷ᠂ ᠬᠠᠮᠢᠶ᠎ᠠ ᠪᠥᠬᠦᠶ ᠳᠠᠭᠠᠭᠠᠴᠢᠯᠠᠯᠲᠠ ᠵᠠᠷᠯᠠᠬᠤ ᠲᠠᠰ ᠳᠠᠷᠠᠭᠠᠯᠠᠯ ᠢ ᠭᠦᠢᠴᠡᠳᠭᠡᠬᠦ ᠳᠤ ᠵᠣᠬᠢᠴᠠᠩᠭᠤᠶ ᠬᠢᠷᠢ ᠴᠢᠳᠠᠮᠵᠢ ᠲᠠᠢ ᠨᠢᠭᠡᠴᠢ ᠶᠢ ᠵᠣᠬᠢᠶᠠᠨ ᠪᠠᠶᠢᠭᠤᠯᠤᠨ ᠪᠡᠶᠡᠯᠡᠭᠦᠯᠬᠦ ᠮᠥᠷᠲᠡᠭᠡᠨ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ ᠳᠤ ᠶᠠᠮᠠᠷᠪᠠ ᠬᠠᠷᠢᠶᠠᠯᠠᠭᠳᠠᠬᠤ ᠪᠠ ᠠᠰᠢᠭ ᠲᠤᠰᠠ ᠶᠢᠨ ᠬᠠᠷᠢᠴᠠᠭ᠎ᠠ ᠪᠠᠶᠢᠵᠤ ᠪᠣᠯᠬᠤ ᠥᠬᠡᠶ᠃ ᠲᠦᠰᠦᠯ ᠲᠣᠭᠲᠠᠭᠠᠬᠤ᠂ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠠᠴᠠ ᠲᠦᠰᠦᠯ ᠢ ᠰᠢᠯᠭᠠᠨ ᠠᠪᠬᠤ ᠲᠤᠰᠬᠠᠶ ᠮᠡᠷᠭᠡᠵᠢᠯᠲᠡᠨ ᠢ ᠰᠣᠩᠭᠤᠨ ᠠᠪᠬᠤ ᠳᠤ᠂ ᠡᠷᠬᠡᠪᠰᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠤᠰᠬᠠᠶ ᠮᠡᠷᠭᠡᠵᠢᠯᠲᠡᠨ ᠤ ᠨᠡᠷᠡᠰ ᠤᠨ ᠬᠥᠮᠥᠷᠭᠡ︾ ᠵᠡᠷᠭᠡ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠬᠥᠮᠥᠷᠭᠡ ᠵᠢᠴᠢ ᠤᠯᠤᠰ ᠤᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠰᠣᠩᠭᠤᠨ ᠠᠪᠬᠤ ᠪᠥᠭᠡᠳ ᠵᠠᠶᠢᠯᠠᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠵᠢᠷᠭᠤᠭ᠎ᠠ᠂ ᠡᠯ᠎ᠡ ᠠᠶᠢᠮᠠᠭ ᠬᠤᠲᠠ᠂ ᠬᠤᠰᠢᠭᠤ ︵ᠰᠢᠶᠠᠨ᠂ ᠲᠣᠭᠤᠷᠢᠭ︶᠎ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠪᠠ ᠪᠠᠯᠠ ᠮᠥᠩᠭᠦ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ︾᠎ ᠶᠢᠨ ᠰᠠᠭᠤᠷᠢᠨ ᠳᠡᠭᠡᠷ᠎ᠡ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠵᠣᠬᠢᠴᠠᠩᠭᠤᠶ ᠠᠷᠭ᠎ᠠ ᠶᠢ ᠲᠣᠭᠲᠠᠭᠠᠵᠤ ᠪᠣᠯᠤᠨ᠎ᠠ᠃  ᠠᠶᠢᠮᠠᠭ ᠬᠤᠲᠠ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠥᠪ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠦᠰᠦᠯ ᠤᠨ ᠵᠣᠬᠢᠴᠠᠩᠭᠤᠶ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ