ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠳ᠋ᠦ᠋ᠭᠡᠷ ᠰᠠᠷ᠎ᠠ ᠶᠢᠨ 10 ᠤ ᠡᠳᠦᠷ ᠤᠨ ᠴᠠᠭᠢᠯᠭᠠᠨ ᠮᠡᠳᠡᠭᠡ ︵ᠰᠣᠷᠪᠤᠯᠵᠢᠯᠠᠬᠴᠢ ᠢᠣᠢ ᠴᠢᠶᠦ᠋ᠩ ᠶᠤᠸᠠᠨ︶ | ᠪᠦᠭᠦ ᠤᠯᠤᠰ ᠤᠨ ᠠᠷᠠᠣᠠ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠣᠯᠢ ᠬᠡᠷᠡᠭᠵᠢᠭᠦᠯᠦᠯᠲᠡ ᠶᠢ ᠪᠠᠶᠢᠴᠠᠭᠠᠬᠤ | ᠳᠣᠭᠤᠢᠢᠯᠠᠩ ᠤᠨ ᠲᠠᠷᠢᠶᠠᠯᠠᠩ ᠤᠨ ᠬᠠᠣᠯᠢ ᠶᠢ ᠬᠡᠷᠡᠭᠵᠢᠭᠦᠯᠵᠦ ᠪᠠᠶᠢᠭ᠎ᠠ ᠪᠠᠶᠢᠲᠠᠯ ᠢ ᠪᠠᠶᠢᠴᠠᠭᠠᠬᠤ ᠳᠣᠬᠠᠢ ᠮᠠᠲᠠᠭᠦᠯᠣᠯᠲᠠ 10 ᠤ ᠡᠳᠦᠷ ᠪᠦᠭᠦ ᠤᠯᠤᠰ ᠤᠨ | ᠠᠷᠠᠣᠠ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ ᠲᠠᠪᠰᠢᠭᠦᠯᠵᠤ ᠬᠢᠨᠠᠨ ᠵᠦᠪᠯᠠᠭᠦᠯᠪᠠ᠃ ᠮᠡᠳᠡᠭᠦᠯᠦᠯᠲᠡ ᠳᠤ | ᠢᠯᠡᠷᠡᠭᠦᠯᠦᠭᠰᠡᠨ ᠢᠶᠠᠷ᠂ 2023 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠡᠶᠢᠲᠡ 10 ᠳ᠋ᠦᠩᠰᠢᠭᠤᠷ | ᠮᠥ ᠶᠢ ᠳᠠᠪᠠᠪᠠ᠂ ᠡᠭᠦᠨ ᠳᠤ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ︵ᠣᠷᠣᠨ︶ ᠶᠢᠨ ᠪᠠᠶᠢᠭᠤᠯᠤᠭᠰᠠᠨ ᠨᠡᠶᠢᠲᠡ ᠲᠠᠯᠠᠪᠠᠶ ᠨᠢ ᠪᠠᠷᠤᠭ ᠪᠥᠬᠦ | ᠤᠯᠤᠰ ᠤᠨ ᠲᠤᠯᠤᠭᠠᠨ ᠬᠤᠪᠢ ᠶᠢ ᠡᠵᠡᠯᠡᠵᠦ ᠪᠣᠶ᠃ | ᠮᠡᠳᠡᠭᠦᠯᠦᠯᠳᠡ ᠶᠢᠨ ᠲᠠᠨᠢᠯᠴᠠᠭᠤᠯᠤᠭᠰᠠᠨ ᠢᠶᠠᠷ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠨᠣᠷᠮ᠎ᠠ ᠲᠣᠭᠲᠠᠭᠠᠨ ᠬᠠᠮᠢᠶᠠᠷᠬᠤ ᠶᠢ | ᠴᠢᠩᠳᠠᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠤᠰᠤᠨ ᠠᠰᠢᠭᠯᠠᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠪᠦᠬᠦ ᠤᠯᠤᠰ ᠤᠨ | ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠢ 10 ᠵᠢᠯ ᠤᠨ ᠡᠮᠦᠨᠡᠬᠢ ᠲᠠᠢ ᠬᠠᠷᠢᠴᠠᠭᠤᠯᠪᠠᠯ 1.23 ᠳ᠋ᠦᠩᠰᠢᠭᠤᠷ ᠮᠦ ᠨᠡᠮᠡᠭᠳᠡᠵᠦ᠂ ᠶᠡᠷᠦᠩᠬᠡᠢ | ᠤᠰᠤᠯᠠᠯᠲᠠ ᠶᠢᠨ ᠲᠠᠯᠠᠪᠠᠢ 10.75 ᠳ᠋ᠦᠩᠰᠢᠭᠤᠷ ᠮᠦ ᠳᠤ ᠬᠦᠷᠴᠦ᠂ ᠤᠰᠤᠯᠠᠯᠲᠠ ᠶᠢᠨ ᠲᠠᠷᠢᠶᠠᠨ ᠭᠠᠵᠠᠷ ᠨᠢ ᠮᠠᠨ ᠤ ᠤᠯᠤᠰ ᠤᠨ 77% ᠠᠮᠤ ᠪᠤᠳᠠᠭ᠎ᠠ | ᠪᠣᠯᠣᠨ 90% ᠠᠴᠠ ᠳᠡᠭᠡᠭᠰᠢᠬᠢ ᠠᠵᠤ ᠠᠬᠤᠢ ᠶᠢᠨ ᠲᠠᠷᠢᠮᠠᠯ ᠢ ᠦᠢᠯᠡᠳᠪᠦᠷᠢᠯᠡᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠢ | ᠠᠰᠢᠭᠯᠠᠯᠲᠠ ᠶᠢᠨ ᠢᠯᠡᠳᠬᠡᠮᠵᠢ ᠲᠤᠭ᠎ᠠ ᠨᠢ 2014 ᠣᠨ ᠳᠤ 0.530 ᠪᠠᠶᠢᠭᠰᠠᠨ ᠠᠴᠠ ᠳᠡᠭᠡᠭᠰᠢᠯᠡᠭᠡᠳ 2023 ᠣᠨ ᠳᠤ 0.576 ᠳᠤ ᠬᠦᠷᠴᠦ᠂ | ᠪᠦᠬᠦ ᠤᠯᠤᠰ ᠤᠨ ᠲᠠᠷᠢᠶᠠᠨ ᠭᠠᠵᠠᠷ ᠤᠨ ᠪᠣᠳᠠᠲᠠᠢ ᠤᠰᠤᠯᠠᠯᠲᠠ ᠶᠢᠨ ᠮᠦ ᠪᠦᠷᠢ ᠶᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ 402 ᠪᠣᠰᠤᠭ᠎ᠠ ᠳᠥᠷᠪᠡᠯᠵᠢᠨ | ᠮᠧᠲᠷ ᠪᠠᠶᠢᠭᠰᠠᠨ ᠠᠴᠠ ᠪᠠᠨ ᠪᠠᠭᠤᠷᠠᠭᠠᠳ 347 ᠪᠣᠰᠤᠭ᠎ᠠ ᠳᠥᠷᠪᠡᠯᠵᠢᠨ ᠮᠧᠲᠷ ᠪᠣᠯᠵᠤ᠂ ᠭᠠᠭᠴᠠ ᠲᠠᠯ᠎ᠠ ᠠᠴᠠ ᠤᠰᠤ ᠤᠰᠤᠯᠠᠬᠤ ᠠᠮᠤ ᠪᠤᠳᠠᠭᠠᠨ ᠤ | ᠦᠢᠯᠡᠳᠪᠦᠷᠢᠯᠡᠯ ᠤᠨ ᠬᠦᠴᠦᠨ 1.58 ᠺᠢᠯᠦᠭᠷᠡᠮ ᠠᠴᠠ ᠨᠡᠮᠡᠭᠳᠡᠭᠡᠳ 1.80 ᠺᠢᠯᠦᠭᠷᠡᠮ ᠠᠴᠠ ᠳᠡᠭᠡᠭᠰᠢ ᠪᠣᠯᠵᠠᠢ᠃ | ᠮᠡᠳᠡᠭᠦᠯᠦᠯᠲᠡ ᠳᠤ ᠂ ᠣᠳᠣᠬᠠᠨ ᠳᠤ ᠲᠥᠪ ᠤᠨ ᠡᠳ᠋ ᠤᠨ ᠵᠠᠰᠠᠭ ᠤᠨ ᠮᠦ ᠪᠥᠷᠢ ᠶᠢᠨ ᠨᠥᠬᠦᠪᠥᠷᠢ ᠶᠢᠨ ᠪᠠᠷᠢᠮᠵᠢᠶ᠎ᠠ ᠶᠢ 2000 ᠲᠥᠭᠦᠷᠢᠭ ᠠᠴᠠ | ᠳᠡᠭᠡᠭᠰᠢ ᠬᠦᠷᠲᠡᠯ᠎ᠡ ᠳᠡᠭᠡᠭᠰᠢᠯᠡᠭᠦᠯᠵᠡᠶ᠃ | |