ᠠᠭᠤᠷᠬᠠᠢ ᠶᠢᠨ ᠠᠵᠤ ᠠᠬᠤᠶᠢᠯᠠᠯ ᠳᠤ᠄ | 2024 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ︵ᠳᠣᠷᠣᠭᠰᠢ ︽ᠨᠡᠭᠡᠭᠡᠨ ᠠᠰᠢᠭᠯᠠᠬᠤ ᠲᠥᠰᠦᠯ︾ ᠭᠡᠵᠦ ᠲᠣᠪᠴᠢᠯᠠᠨ᠎ᠠ︶ ᠢ ᠬᠢᠨᠠᠨ | ᠪᠠᠶᠢᠴᠠᠭᠠᠬᠤ ᠠᠵᠢᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ︵ᠰᠢᠲᠠᠮᠠᠬᠠᠶ ᠬᠡᠶ ᠶᠢᠨ | ᠪᠤᠰᠤ︶ ᠢ ᠨᠡᠭᠡᠭᠡᠨ ᠠᠰᠢᠭᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ ᠢ ᠳᠠᠷᠤᠮᠠᠯᠯᠠᠨ ᠶᠠᠪᠤᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ﹇2024﹈ 33 ᠳ᠋ᠤᠭᠠᠷ ᠲᠣᠭᠠᠲᠤ︶ ᠢ | ᠬᠡᠷᠡᠭᠵᠢᠭᠦᠯᠵᠦ᠂ ᠠᠭᠤᠷᠬᠠᠶ ᠮᠠᠯᠲᠠᠬᠤ ᠡᠷᠬᠡ ᠶᠢ ᠰᠢᠨ᠎ᠡ ᠪᠠᠷ ᠳᠡᠩᠰᠡᠯᠡᠨ ᠲᠡᠮᠳᠡᠭᠯᠡᠭᠦᠯᠬᠦ᠂ ᠠᠭᠤᠷᠬᠠᠶ ᠮᠠᠯᠲᠠᠬᠤ ᠡᠷᠬᠡ ᠶᠢ ᠠᠭᠤᠷᠬᠠᠶ ᠶᠢᠨ ᠣᠷᠣᠨ ᠤ | ᠬᠡᠪᠴᠢᠶ᠎ᠡ ᠶᠢ ᠥᠷᠭᠡᠳᠬᠡᠬᠦ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠬᠤᠪᠢᠷᠠᠭᠤᠯᠬᠤ ᠪᠠᠷ ᠭᠤᠶᠤᠴᠢᠯᠠᠪᠠᠯ᠂ ᠱᠠᠭᠠᠷᠳᠠᠯᠭ᠎ᠠ ᠶᠣᠰᠣᠭᠠᠷ ᠨᠡᠭᠡᠭᠡᠨ ᠬᠥᠭᠵᠢᠭᠦᠯᠬᠦ | ᠲᠥᠰᠦᠯ ᠢ ᠨᠠᠶᠢᠷᠠᠭᠤᠯᠤᠨ ᠵᠣᠬᠢᠶᠠᠨ᠎ᠠ︔ ᠨᠠᠶᠢᠷᠠᠭᠤᠯᠤᠨ ᠵᠣᠬᠢᠶᠠᠭᠰᠠᠨ ᠠᠭᠤᠯᠭ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ | ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ ᠢ ᠬᠢᠨᠠᠨ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠵᠦᠭᠯᠡᠭᠦᠷ ᠢ ᠳᠠᠭᠢᠵᠤ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠦᠪᠦᠷ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠥᠰᠥᠭ ﹇2024﹈ 1 ᠳ᠋ᠦ᠋ᠭᠡᠷ ᠲᠣᠭᠠᠲᠤ︶ ᠢ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠡᠷᠪᠡ ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ﹇2024﹈ 33 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠯᠤᠭ᠎ᠠ ᠠᠳᠠᠯᠢ ᠪᠤᠰᠤ ᠭᠠᠵᠠᠷ ᠪᠠᠶᠢᠪᠠᠯ᠂ 33 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢᠶᠠᠷ ᠬᠡᠷᠡᠭᠵᠢᠭᠦᠯᠦᠨ᠎ᠡ᠃ | ᠮᠠᠲ᠋ᠧᠷᠢᠶᠠᠯ ᠢ ᠬᠦᠷᠭᠡᠵᠦ ᠬᠢᠨᠠᠭᠤᠯᠬᠤ ᠱᠠᠭᠠᠷᠳᠠᠯᠭ᠎ᠠ ᠨᠢ ᠳᠣᠤᠷᠠᠬᠢ ᠮᠡᠲᠦ᠄ | ᠨᠢᠭᠡ᠂ ᠦᠰᠦᠭ ᠪᠢᠴᠢᠭ ᠤᠨ ᠵᠢᠷᠤᠭ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠰᠦᠯ 6 ᠢᠵᠢ︔ ᠨᠠᠶᠢᠷᠠᠭᠤᠯᠤᠨ ᠵᠣᠬᠢᠶᠠᠭᠰᠠᠨ ᠨᠢᠭᠡᠴᠢ ᠶᠢᠨ ᠠᠯᠪᠠᠨ | ᠲᠠᠮᠠᠭ᠎ᠠ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠨ᠎ᠠ︔ ᠳᠡᠭᠡᠷ᠎ᠡ ᠳᠤᠷᠠᠳᠤᠭᠰᠠᠨ ᠪᠥᠬᠦ ᠠᠭᠤᠯᠭ᠎ᠠ ᠶᠢ | ᠪᠠᠭᠲᠠᠭᠠᠭᠰᠠᠨ ᠡᠯᠧᠺᠲᠷᠣᠨ ᠯᠠᠶᠢᠰᠧᠷ ᠫᠠᠨᠰᠠ 6 ᠬᠤᠪᠢ᠃ | ᠬᠤᠶᠠᠷ᠂ ᠳᠠᠭᠠᠯᠳᠤᠭᠤᠯᠤᠯ | 1. ᠠᠭᠤᠷᠬᠠᠢ ᠶᠢᠨ ᠡᠷᠬᠡᠲᠦ ᠬᠦᠮᠦᠨ ᠨᠢ ᠨᠡᠭᠡᠭᠡᠨ ᠠᠰᠢᠭᠯᠠᠬᠤ ᠲᠥᠰᠥᠯ ᠢ ᠬᠢᠨᠠᠨ ᠪᠠᠶᠢᠴᠠᠭᠠᠬᠤ ᠲᠤᠬᠠᠢ ᠭᠤᠶᠤᠴᠢᠯᠠᠯ ᠭᠠᠷᠭᠠᠨ᠎ᠠ ︵ᠤᠯᠠᠭᠠᠨ | ᠲᠦᠷᠦᠭᠦᠲᠦ ᠪᠢᠴᠢᠭ ᠮᠠᠲ᠋ᠧᠷᠢᠶᠠᠯ ᠤᠨ ᠤᠭ ᠮᠠᠲ᠋ᠧᠷᠢᠶᠠᠯ︶᠃ | 2. ᠨᠡᠭᠡᠭᠡᠨ ᠮᠠᠯᠲᠠᠬᠤ ᠠᠷᠭ᠎ᠠ ᠮᠠᠶ᠋ᠢᠭ ᠢ ᠬᠤᠪᠢᠷᠠᠭᠤᠯᠬᠤ ᠲᠠᠢ ᠬᠤᠯᠪᠣᠭᠳᠠᠬᠤ ᠨᠡᠭᠦᠷᠡᠰᠦᠨ ᠤ ᠲᠥᠷᠥᠯ ᠵᠦᠢᠯ ᠳᠤ ᠡᠷᠬᠡᠪᠰᠢ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠰ ᠲᠥᠷᠥᠯ ᠵᠦᠢᠯ ᠤᠨ ᠲᠤᠬᠠᠶ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠶ᠃ | 3. ᠬᠠᠶᠢᠨ ᠪᠠᠶᠢᠴᠠᠭᠠᠬᠤ ᠵᠦᠪᠰᠢᠶᠡᠷᠡᠯ ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ᠂ ᠬᠤᠪᠢᠶᠠᠷᠢᠯᠠᠨ ᠲᠣᠭᠲᠠᠭᠠᠭᠰᠠᠨ | ᠠᠭᠤᠷᠬᠠᠶ ᠶᠢᠨ ᠣᠷᠣᠨ ᠤ ᠬᠡᠪᠴᠢᠶᠡᠨ ᠳᠤ ᠴᠣᠬᠤᠯᠠᠪᠤᠷᠢᠯᠠᠭᠤᠯᠬᠤ ᠪᠤᠶᠤ ᠠᠭᠤᠷᠬᠠᠶ ᠶᠢᠨ ᠦᠢᠯᠡᠰ ᠤᠨ ᠡᠷᠬᠡ ᠶᠢ ᠲᠦᠯᠦᠪᠦᠷᠢᠲᠡᠢ ᠰᠢᠯᠵᠢᠭᠦᠯᠬᠦ ᠭᠡᠷ᠎ᠡ ︵ | ᠬᠠᠭᠤᠯᠪᠤᠷᠢ ᠳᠤ ᠠᠯᠪᠠᠨ ᠲᠠᠮᠠᠭ᠎ᠠ ᠳᠠᠷᠤᠨ᠎ᠠ︶᠃ | 4. ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢ ᠬᠢᠨᠠᠨ ᠲᠣᠭᠲᠠᠭᠠᠵᠤ ᠳᠠᠩᠰᠠᠯᠠᠭᠤᠯᠬᠤ ︵ᠮᠠᠭᠠᠳᠯᠠᠨ ᠲᠣᠭᠲᠠᠭᠠᠬᠤ︶ | ᠪᠢᠴᠢᠭ ᠮᠠᠲ᠋ᠧᠷᠢᠶᠠᠯ ᠪᠤᠶᠤ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ ᠠᠴᠠ ᠬᠢᠨᠠᠨ | ᠲᠣᠭᠲᠠᠭᠠᠬᠤ ︵ᠵᠥᠪᠬᠡᠨ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠰᠢᠯᠵᠢᠭᠦᠯᠦᠨ ᠬᠤᠳᠠᠯᠳᠤᠬᠤ᠂ ᠠᠭᠤᠷᠬᠠᠶ ᠮᠠᠯᠲᠠᠬᠤ ᠡᠷᠬᠡ ᠶᠢ ᠳᠠᠩᠰᠠᠯᠠᠭᠤᠯᠬᠤ ᠪᠠᠷ | ᠬᠢᠵᠠᠭᠠᠷᠯᠠᠬᠤ︶ ᠪᠥᠭᠡᠳ ᠭᠠᠷᠭᠠᠭᠰᠠᠨ ᠬᠢᠨᠠᠨ ᠲᠣᠭᠲᠠᠭᠠᠬᠤ ᠰᠠᠨᠠᠯ ᠤᠨ ᠪᠢᠴᠢᠭ᠃ | 5. ᠨᠡᠭᠡᠭᠡᠨ ᠬᠥᠭᠵᠢᠭᠦᠯᠬᠦ ᠲᠥᠰᠦᠯ ᠤᠨ ᠣᠷᠣᠨ ᠲᠤᠭ᠎ᠠ ᠶᠢᠨ ᠠᠵᠢᠯᠲᠠᠨ ᠳᠤ ᠵᠣᠬᠢᠴᠠᠩᠭᠤᠶ ᠲᠤᠰᠬᠠᠶ ᠮᠡᠷᠭᠡᠵᠢᠯ ᠤᠨ ᠮᠡᠷᠭᠡᠵᠢᠯ ᠤᠨ ᠴᠣᠯᠠ ᠶᠢᠨ | ᠱᠠᠭᠠᠷᠳᠠᠯᠭ᠎ᠠ ︵ᠳᠤᠮᠳᠠ ᠵᠡᠷᠭᠡ ᠠᠴᠠ ᠳᠡᠭᠡᠭᠰᠢ ᠮᠡᠷᠭᠡᠵᠢᠯ ᠤᠨ ᠴᠣᠯᠠ ᠲᠠᠢ︶ ᠶᠢ ᠪᠦᠷᠢᠳᠦᠭᠦᠯᠵᠦ᠂ ᠣᠷᠣᠨ ᠲᠤᠭ᠎ᠠ ᠶᠢᠨ ᠠᠵᠢᠯᠲᠠᠨ ᠤ ᠪᠡᠶ᠎ᠡ ᠶᠢᠨ ᠦᠨᠡᠮᠯᠡᠯ | ᠵᠢᠴᠢ ᠮᠡᠷᠭᠡᠵᠢᠯ ᠤᠨ ᠴᠣᠯᠠ ᠶᠢᠨ ᠦᠨᠡᠮᠯᠡᠯ ᠤᠨ ᠬᠠᠭᠤᠯᠪᠤᠷᠢ ᠶᠢ ᠳᠠᠭᠠᠯᠳᠤᠭᠤᠯᠤᠨ᠎ᠠ᠃ | 6. ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠬᠢᠵᠠᠭᠠᠷᠯᠠᠬᠤ᠂ ᠴᠠᠭᠠᠵᠠᠯᠠᠬᠤ ᠱᠠᠭᠠᠷᠳᠠᠯᠭ᠎ᠠ ᠵᠡᠷᠭᠡ ᠵᠥᠪᠰᠢᠶᠡᠷᠡᠨ | ᠣᠷᠣᠭᠤᠯᠬᠤ ᠨᠥᠬᠦᠴᠡᠯ ᠤᠨ ᠲᠤᠬᠠᠶ ᠤᠯᠤᠰ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠪᠢᠴᠢᠭ ᠮᠠᠲ᠋ᠧᠷᠢᠶᠠᠯ ᠢ ᠲᠤᠰᠢᠶᠠᠬᠤ ᠬᠡᠷᠡᠭᠲᠡᠶ᠄ | ︵1︶ ᠠᠭᠤᠷᠬᠠᠶ ᠮᠠᠯᠲᠠᠬᠤ ᠡᠷᠬᠡ ᠶᠢᠨ ᠠᠭᠤᠷᠬᠠᠶ ᠶᠢᠨ ᠣᠷᠣᠨ ᠤ ᠬᠡᠪᠴᠢᠶ᠎ᠡ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾ ᠶᠢᠨ ᠬᠤᠷᠢᠳᠤᠭᠠᠷ ᠵᠦᠢᠯ ᠳᠤ ᠬᠤᠯᠪᠣᠭᠳᠠᠬᠤ ᠡᠰᠡᠬᠦ ᠨᠢ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠮᠠᠯᠲᠠᠵᠤ ᠪᠣᠯᠬᠤ ᠦᠭᠡᠶ ᠭᠡᠵᠦ ᠲᠣᠭᠲᠠᠭᠠᠭᠰᠠᠨ ᠭᠠᠵᠠᠷ ᠣᠷᠣᠨ᠂ ᠡᠭᠦᠨ ᠳᠤ᠄ ᠭᠠᠷᠠᠮ᠂ ᠨᠢᠰᠬᠡᠯ ᠤᠨ ᠪᠠᠭᠤᠳᠠᠯ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢᠨ ᠬᠠᠰᠢᠶᠠᠯᠠᠨ ᠲᠣᠭᠲᠠᠭᠠᠭᠰᠠᠨ ᠭᠠᠵᠠᠷ ᠣᠷᠣᠨ ᠢ ᠪᠠᠭᠲᠠᠭᠠᠨ᠎ᠠ︔ ᠴᠢᠬᠤᠯᠠ ᠠᠵᠤ ᠦᠢᠯᠡᠳᠪᠦᠷᠢ ᠶᠢᠨ | ᠣᠷᠣᠨ᠂ ᠲᠣᠮᠣ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ᠂ ᠬᠤᠲᠠ ᠪᠠᠯᠭᠠᠰᠤᠨ ᠤ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ | ᠪᠡᠯᠡᠳᠬᠡᠮᠵᠢ ᠶᠢᠨ ᠣᠶᠢᠷ᠎ᠠ ᠬᠠᠪᠢ ᠶᠢᠨ ᠵᠣᠬᠢᠬᠤ ᠵᠠᠶ ᠶᠢᠨ ᠳᠣᠲᠣᠷ᠎ᠠ ᠪᠠᠶᠢᠨ᠎ᠠ︔ ᠴᠢᠬᠤᠯᠠ ᠭᠤᠤᠯ ᠮᠥᠷᠡᠨ᠂ ᠳᠠᠯᠠᠩ ᠤᠨ ᠬᠤᠶᠠᠷ ᠬᠠᠵᠠᠭᠤ ᠪᠠᠷ ᠵᠣᠬᠢᠬᠤ | ᠵᠠᠶ ᠶᠢᠨ ᠳᠣᠲᠣᠷ᠎ᠠ ᠴᠢᠬᠤᠯᠠ ᠪᠦᠬᠦᠢ ᠭᠠᠵᠠᠷ ᠣᠷᠣᠨ᠂ ᠴᠢᠬᠤᠯᠠ ᠪᠦᠬᠦᠢ ᠦᠵᠡᠮᠵᠢ ᠶᠢᠨ ᠣᠷᠣᠨ᠂ ᠤᠯᠤᠰ ᠤᠨ ᠭᠤᠤᠯᠳᠠᠯᠭ᠎ᠠ ᠲᠠᠢ ᠬᠠᠮᠠᠭᠠᠯᠠᠯᠲᠠ ᠶᠢᠨ | ᠣᠷᠣᠨ ᠤ ᠰᠢᠯᠵᠢᠭᠦᠯᠵᠦ ᠪᠣᠯᠬᠤ ᠦᠭᠡᠶ ᠭᠡᠵᠦ ᠲᠣᠭᠲᠠᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠠᠯᠳᠠᠷᠲᠤ ᠦᠵᠡᠮᠵᠢ ᠡᠷᠲᠡᠨ ᠤ ᠪᠠᠭᠤᠷᠢ ᠶᠢ | ᠨᠡᠭᠡᠭᠡᠨ ᠮᠠᠯᠲᠠᠵᠤ ᠪᠣᠯᠬᠤ ᠦᠭᠡᠶ ᠭᠡᠵᠦ ᠲᠣᠭᠲᠠᠭᠠᠭᠰᠠᠨ ᠪᠤᠰᠤᠳ ᠭᠠᠵᠠᠷ ᠣᠷᠣᠨ ᠪᠠᠭᠲᠠᠨ᠎ᠠ᠃ | ︵2︶ ᠠᠭᠤᠷᠬᠠᠶ ᠮᠠᠯᠲᠠᠬᠤ ᠡᠷᠬᠡ ᠶᠢᠨ ᠠᠭᠤᠷᠬᠠᠶ ᠶᠢᠨ ᠣᠷᠣᠨ ᠢ ᠭᠤᠶᠤᠴᠢᠯᠠᠬᠤ ᠬᠡᠪᠴᠢᠶ᠎ᠡ ᠬᠢᠭᠡᠳ ᠤᠯᠤᠰ ᠠᠴᠠ ᠲᠣᠭᠲᠠᠭᠠᠭᠰᠠᠨ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ I ᠲᠠᠰ ᠤᠨ ᠪᠠ II | ᠲᠠᠰ ᠤᠨ ᠬᠠᠮᠠᠭᠠᠯᠠᠯᠲᠠ ᠶᠢᠨ ᠣᠶᠢᠲᠤ ᠭᠠᠵᠠᠷ᠂ ᠪᠠᠶᠢᠭᠠᠯᠢ ᠶᠢᠨ ᠣᠶ ᠶᠢᠨ ᠬᠠᠮᠠᠭᠠᠯᠠᠯᠲᠠ ᠶᠢᠨ ᠭᠤᠤᠯᠳᠠᠯᠭ᠎ᠠ ᠲᠠᠢ ᠣᠷᠣᠨ ᠪᠦᠰᠡ᠂ ᠦᠨᠳᠦᠰᠦᠨ ᠨᠤᠲᠤᠭ | ᠪᠡᠯᠴᠢᠭᠡᠷ᠂ ᠣᠯᠠᠨ ᠤᠯᠤᠰ ᠤᠨ ᠴᠢᠬᠤᠯᠠ ᠨᠤᠭᠤ ᠭᠠᠵᠠᠷ᠂ ᠤᠯᠤᠰ ᠤᠨ ᠴᠢᠬᠤᠯᠠ ᠨᠤᠭᠤ ᠭᠠᠵᠠᠷ᠂ ᠳᠡᠯᠡᠬᠡᠶ ᠶᠢᠨ ᠪᠠᠶᠢᠭᠠᠯᠢ ︵ᠪᠠᠶᠢᠭᠠᠯᠢ ᠪᠣᠯᠤᠨ ᠰᠣᠶᠣᠯ︶ | ᠥᠪ ᠬᠥᠷᠥᠩᠭᠡ ᠶᠢᠨ ᠭᠠᠵᠠᠷ᠂ ᠡᠯᠡᠰᠦᠷᠬᠡᠭᠵᠢᠭᠰᠡᠨ ᠭᠠᠵᠠᠷ ᠢ ᠪᠢᠲᠡᠭᠦᠮᠵᠢᠯᠡᠨ ᠬᠠᠮᠠᠭᠠᠯᠠᠬᠤ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ ᠳᠠᠪᠬᠤᠴᠠᠭᠰᠠᠨ ᠪᠠᠶᠢᠳᠠᠯ᠃ | 7. ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠶ ᠶᠢᠨ ᠲᠥᠷᠥᠯ᠂ ᠨᠡᠭᠡᠭᠡᠨ ᠮᠠᠯᠲᠠᠬᠤ ᠶᠡᠷᠦᠩᠬᠡᠶ ᠬᠡᠮᠵᠢᠶ᠎ᠡ ᠶᠢ | ᠬᠢᠵᠠᠭᠠᠷᠯᠠᠭᠰᠠᠨ ᠠᠭᠤᠷᠬᠠᠶ ᠶᠢᠨ ᠲᠥᠷᠥᠯ ᠪᠤᠶᠤ ᠤᠯᠤᠰ ᠤᠨ ᠥᠮᠴᠢᠯᠡᠯᠲᠦ ᠠᠭᠤᠷᠬᠠᠶ ᠶᠢᠨ ᠠᠵᠤ ᠠᠬᠤᠶᠢᠯᠠᠯ ᠤᠨ ᠰᠢᠯᠵᠢᠭᠦᠯᠦᠨ ᠥᠭᠬᠦ ᠳᠤ ᠬᠤᠯᠪᠣᠭᠳᠠᠬᠤ | ᠵᠡᠷᠭᠡ ᠣᠨᠴᠠᠭᠠᠶ ᠪᠠᠶᠢᠳᠠᠯ ᠳᠤ ᠬᠤᠯᠪᠣᠭᠳᠠᠪᠠᠯ᠂ ᠡᠷᠬᠡᠪᠰᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠱᠠᠭᠠᠷᠳᠠᠯᠭ᠎ᠠ ᠳᠤ ᠨᠡᠶᠢᠴᠡᠭᠰᠡᠨ ᠵᠣᠬᠢᠴᠠᠩᠭᠤᠶ ᠴᠢᠨᠠᠷᠲᠠᠶ | ᠮᠠᠲ᠋ᠧᠷᠢᠶᠠᠯ ᠢ ᠬᠠᠩᠭᠠᠬᠤ ᠬᠡᠷᠡᠭᠲᠡᠶ᠃ | ︵ᠲᠣᠳᠣᠷᠬᠠᠶᠢᠯᠠᠯᠲᠠ᠄ ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ 33 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ | ᠳᠡᠪᠲᠡᠷᠯᠡᠵᠦ᠂ ᠳᠠᠭᠠᠯᠳᠤᠭᠤᠯᠤᠯ ᠭᠠᠷᠴᠠᠭ ᠢᠶᠠᠷ ᠭᠠᠷᠴᠠᠭ ᠲᠣᠭᠲᠠᠭᠠᠵᠤ᠂ ᠬᠠᠭᠤᠯᠪᠤᠷᠢ ᠶᠢ ᠬᠤᠪᠢ ᠳᠠᠷᠠᠭᠠᠯᠠᠨ ᠠᠯᠪᠠᠨ ᠲᠠᠮᠠᠭ᠎ᠠ ᠳᠠᠷᠤᠬᠤ ᠬᠡᠷᠡᠭᠲᠡᠶ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠰᠤᠳᠤᠯᠭᠠᠨ ᠤ ᠬᠦᠷᠢᠶᠡᠯᠡᠩ | 2024 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ | |