ᠪᠠᠶᠢᠭᠠᠯᠢ ᠶᠢᠨ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠨ᠎ᠠ᠄ ᠭᠠᠵᠠᠷ ᠰᠢᠷᠤᠢ ᠤᠢ ᠶᠢ ᠬᠡᠷᠡᠭᠯᠡᠬᠦ  ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠭᠡᠨ᠎ᠡ
ᠨᠡᠶᠢᠲᠡᠯᠡᠭᠰᠡᠨ ᠴᠠᠭ᠄
2025/2/19
  ᠲᠦᠷᠦᠭᠦᠬᠡᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠬᠡᠷ ᠬᠠᠮᠲᠤᠷᠠᠨ ︽ᠵᠢᠶᠠᠩᠰᠦ ᠮᠤᠵᠢ᠂ ᠱᠠᠨᠳᠦ᠋ᠩ ᠮᠤᠵᠢ ᠶᠢᠨ ᠯᠢᠨ ᠢ ᠬᠤᠲᠠ ᠶᠢᠨ ᠭᠠᠵᠠᠷ ᠰᠢᠷᠤᠢ ᠤᠢ ᠶᠢ ᠬᠡᠷᠡᠭᠯᠡᠬᠦ ᠶᠢ ᠬᠤᠯᠪᠣᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠭᠰᠡᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠮᠤᠵᠢ ︽ᠨᠢᠭᠡ ᠯᠡ ᠤᠳᠠᠭ᠎ᠠ ᠭᠦᠶᠦᠬᠦ︾᠂ ︽ᠨᠢᠭᠡ ᠯᠡ ᠡᠭᠦᠳᠡ ᠪᠠᠷ ᠣᠷᠣᠵᠤ ᠭᠠᠷᠬᠤ︾ ᠬᠠᠷᠠᠯᠲᠠ ᠶᠢᠨ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ ᠭᠠᠵᠠᠷ ᠰᠢᠷᠤᠢ ᠤᠢ ᠶᠢ ᠬᠡᠷᠡᠭᠯᠡᠬᠦ ᠵᠡᠷᠭᠡ ᠬᠢᠨᠠᠨ ᠵᠥᠪᠰᠢᠶᠡᠷᠡᠬᠦ ᠵᠦᠢᠯᠡᠰ ᠤᠨ ᠬᠠᠮᠵᠢᠯᠴᠠᠨ ᠭᠦᠢᠴᠡᠳᠬᠡᠬᠦ ᠶᠢ ᠰᠦᠪᠡᠭᠴᠢᠯᠡᠨ ᠠᠬᠢᠭᠤᠯᠵᠤ᠂ ᠴᠤᠪᠤᠷᠠᠯ ᠢ ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃  ︽ᠮᠡᠳᠡᠭᠳᠡᠯ︾ ᠳᠤ᠂ ᠵᠢᠶᠠᠩᠰᠦ ᠮᠤᠵᠢ᠂ ᠱᠠᠨᠳᠦ᠋ᠩ ᠮᠤᠵᠢ ᠶᠢᠨ ᠯᠢᠨ ᠢ ᠬᠤᠲᠠ ᠶᠢᠨ ᠬᠢᠨ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠪᠠᠷ ᠰᠠᠭᠤᠷᠢ ᠪᠣᠯᠭᠠᠨ ︽ᠤᠯᠠᠨ ᠬᠢᠨᠠᠯᠲᠠ ᠶᠢ ᠨᠢᠭᠡᠳᠬᠡᠬᠦ︾ ᠶᠢ ᠭᠦᠨᠵᠡᠭᠡᠶ ᠠᠬᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠲᠠᠬᠢᠨ ᠪᠤᠢ ᠪᠣᠯᠭᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠭᠠᠵᠠᠷ ᠰᠢᠷᠤᠢ ᠤᠢ ᠶᠢ ᠬᠡᠷᠡᠭᠯᠡᠬᠦ ᠶᠢ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠬᠤ ᠵᠦᠢᠯᠡᠰ ᠢ ᠵᠡᠷᠭᠡ ᠪᠠᠷ ᠭᠦᠢᠴᠡᠳᠬᠡᠵᠦ᠂ ᠬᠤᠯᠪᠣᠭᠠᠯᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠭᠠᠵᠠᠷ ᠰᠢᠷᠤᠢ ᠤᠢ ᠶᠢ ᠬᠡᠷᠡᠭᠯᠡᠬᠦ ᠡᠯᠧᠮᠧᠨ᠋ᠲ ᠤᠨ ᠪᠠᠲᠤᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠬᠦ ᠥᠪᠡᠷ ᠤᠨ ᠦᠷᠳᠡᠭ ᠢ ᠪᠠᠭᠤᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠤᠯᠪᠠ᠃  ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠵᠢᠶᠠᠩᠰᠦ ᠮᠣᠵᠢ ᠨᠢ ᠮᠣᠵᠢ ᠶᠢᠨ ᠳᠡᠰ ᠵᠢᠴᠢ ᠮᠣᠵᠢ ᠶᠢᠨ ᠱᠠᠲᠤᠨ ᠠᠴᠠ ᠳᠤᠷᠤᠭᠰᠢ ᠭᠠᠵᠠᠷ ᠰᠢᠷᠤᠢ ᠤᠢ ᠶᠢ ᠬᠡᠷᠡᠭᠯᠡᠬᠦ ᠶᠢ ᠵᠦᠪᠰᠢᠶᠡᠷᠡᠵᠤ᠂ ᠭᠠᠵᠠᠷ ᠰᠢᠷᠤᠢ ᠤᠢ ᠶᠢ ᠬᠡᠷᠡᠭᠯᠡᠬᠦ ᠵᠦᠢᠯᠡᠰ ᠢ ᠨᠡᠶᠢᠯᠡᠭᠦᠯᠦᠨ ᠬᠢᠨᠠᠨ ᠵᠦᠪᠰᠢᠶᠡᠷᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠵᠠᠷ ᠰᠢᠷᠤᠢ ᠤᠢ ᠶᠢ ᠬᠡᠷᠡᠭᠯᠡᠬᠦ ᠶᠢ ᠨᠡᠶᠢᠯᠡᠭᠦᠯᠦᠨ ᠬᠢᠨᠠᠨ ᠵᠦᠪᠰᠢᠶᠡᠷᠡᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠡᠢ᠃ ︽ᠥᠩᠭᠡᠷᠡᠭᠰᠡᠨ ᠳᠤ᠂ ᠵᠠᠮ ᠨᠢ ᠲᠤᠰᠠᠭᠠᠷ ᠭᠠᠵᠠᠷ ᠰᠣᠩᠭᠤᠬᠤ ᠲᠥᠷᠥᠯ ᠵᠦᠢᠯ ᠪᠣᠯᠤᠭᠰᠠᠨ ᠤ ᠬᠤᠪᠢ ᠳᠤ᠂ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠨᠢ ᠶᠠᠷᠰᠢᠭᠲᠠᠶ ᠪᠠᠶᠢᠵᠤ᠂ ᠥᠩᠭᠡᠷᠡᠭᠰᠡᠨ ᠳᠤ᠂ ᠤᠷᠢᠳ ᠢᠶᠠᠷ ᠣᠶ ᠰᠢᠭᠤᠢ ᠶᠢ ᠵᠥᠪᠰᠢᠶᠡᠷᠡᠵᠦ ᠳᠠᠷᠠᠭ᠎ᠠ ᠨᠢ ᠭᠠᠵᠠᠷ ᠰᠢᠷᠣᠢ ᠶᠢ ᠵᠥᠪᠰᠢᠶᠡᠷᠡᠬᠦ ᠬᠡᠷᠡᠭᠲᠡᠢ᠂ ᠠᠳᠠᠯᠢ ᠮᠠᠲ᠋ᠧᠷᠢᠶᠠᠯ ᠢ ᠳᠠᠬᠢᠨ ᠳᠠᠪᠲᠠᠨ ᠬᠠᠩᠭᠠᠵᠤ᠂ ᠣᠲᠣ ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ ᠳᠤ ᠲᠥᠬᠦᠮ ᠪᠥᠭᠡᠳ ᠥᠨᠳᠥᠷ ᠪᠦᠲᠦᠮᠵᠢᠲᠡᠶ ᠪᠣᠯᠵᠠᠢ︕︾ ᠵᠢᠶᠠᠩᠰᠦ ᠮᠤᠵᠢ ᠶᠢᠨ ᠰᠦᠢ ᠨᠢᠩ ᠰᠢᠶᠠᠨ ᠤ ᠶᠢᠨ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠹᠠᠨ ᠰᠠᠢ ᠰᠠᠢ ᠲᠤᠰ ᠰᠢᠶᠠᠨ ᠤ 205 ᠰᠢᠶᠠᠨ ᠤ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠭᠠᠵᠠᠷ ᠰᠢᠷᠤᠢ ᠤᠢ ᠶᠢ ᠬᠡᠷᠡᠭᠯᠡᠬᠦ ᠶᠢᠨ ᠡᠮᠦᠨᠡᠬᠢ ᠬᠤᠭᠤᠴᠠᠭᠠᠨ ᠤ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠭᠰᠠᠨ ᠤ ᠳᠠᠷᠠᠭ᠎ᠠ᠂ ᠥᠪᠡᠷ ᠤᠨ ᠡᠷᠬᠡ ᠦᠭᠡᠢ ᠰᠡᠳᠬᠢᠯ ᠳᠣᠭᠳᠣᠯᠵᠤ ᠪᠠᠶᠢᠯ᠎ᠠ᠃  ᠰᠦᠢ ᠨᠢᠩ ᠰᠢᠶᠠᠨ ᠤ 205 ᠰᠢᠶᠠᠨ ᠤ ᠵᠠᠮ ᠪᠣᠯ ᠲᠤᠤ ᠶᠤᠸᠠᠨ ᠪᠠᠯᠭᠠᠰᠤ ᠠᠴᠠ ᠰᠢᠶᠠᠨ ᠤ ᠬᠤᠲᠠ ᠬᠦᠷᠲᠡᠯᠡᠬᠢ ᠭᠤᠤᠯ ᠵᠠᠮ ᠮᠥᠨ᠂ ᠨᠢᠭᠡᠨᠲᠡ 20 ᠭᠠᠷᠤᠶ ᠵᠢᠯ ᠬᠡᠷᠡᠭᠯᠡᠵᠦ᠂ ᠵᠠᠮ ᠤᠨ ᠭᠠᠳᠠᠷᠭᠤ ᠨᠢ ᠬᠦᠨᠳᠦ ᠨᠣᠴᠢᠲᠠᠶ ᠡᠪᠳᠡᠭᠳᠡᠵᠦ᠂ ᠥᠭᠡᠷᠡᠴᠢᠯᠡᠨ ᠳᠡᠭᠡᠭᠰᠢᠯᠡᠭᠦᠯᠬᠦ ᠨᠢ ᠵᠠᠮ ᠳᠠᠭᠠᠤ ᠶᠢᠨ ᠣᠯᠠᠨ ᠲᠦᠮᠡᠨ ᠤ ᠲᠤᠯᠭᠠᠮ᠎ᠠ ᠱᠠᠭᠠᠷᠳᠠᠯᠭ᠎ᠠ ᠪᠣᠯᠵᠠᠶ᠃ ᠭᠠᠵᠠᠷ ᠰᠢᠷᠤᠢ ᠤᠢ ᠶᠢ ᠬᠡᠷᠡᠭᠯᠡᠬᠦ ᠶᠢ ᠨᠡᠶᠢᠯᠡᠭᠦᠯᠦᠨ ᠬᠢᠨᠠᠨ ᠵᠥᠪᠰᠢᠶᠡᠷᠡᠬᠦ ᠲᠤᠷᠰᠢᠯᠲᠠ ᠶᠢᠨ ᠴᠡᠭ ᠤᠨ ᠠᠩᠬᠠᠳᠠᠭᠴᠢ ᠲᠥᠷᠥᠯ ᠵᠦᠢᠯ ᠪᠣᠯᠤᠭᠰᠠᠨ ᠤ ᠬᠤᠪᠢ ᠳᠤ᠂ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠭᠤᠶᠤᠴᠢᠯᠠᠨ ᠮᠡᠳᠡᠭᠦᠯᠬᠦ ᠴᠠᠭ ᠢ ᠤᠤᠯ ᠤᠨ 4 — 5 ᠰᠠᠷ᠎ᠠ ᠠᠴᠠ 1 ᠰᠠᠷ᠎ᠠ ᠪᠣᠯᠲᠠᠯ᠎ᠠ ᠪᠣᠭᠤᠨᠢᠰᠬᠠᠵᠤ᠂ ᠦᠷ᠎ᠡ ᠪᠦᠲᠦᠮᠵᠢ ᠶᠢ ᠪᠠᠷᠤᠭ 5 ᠳᠠᠬᠢᠨ ᠳᠡᠭᠡᠭᠰᠢᠯᠡᠭᠦᠯᠪᠡ᠃ ᠡᠭᠦᠨ ᠤ ᠬᠠᠮᠲᠤ᠂ ᠵᠢᠶᠠᠩᠰᠦ ᠮᠤᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠢᠶᠠᠩᠰᠦ ᠮᠤᠵᠢ ᠶᠢᠨ ᠣᠶ ᠰᠢᠭᠤᠶ ᠶᠢᠨ ᠲᠣᠪᠴᠢᠶ᠎ᠠ ᠠᠴᠠ ︽ᠨᠢᠭᠡ ᠴᠤᠩᠬᠤᠨ ᠳᠤ ᠨᠢᠭᠡ ᠯᠡ ᠤᠳᠠᠭ᠎ᠠ ᠮᠠᠲ᠋ᠧᠷᠢᠶᠠᠯ ᠬᠤᠷᠢᠶᠠᠵᠤ᠂ ᠨᠢᠭᠡ ᠠᠵᠢᠯ ᠤᠨ ᠡᠳᠦᠷ ᠤᠨ ᠳᠣᠲᠣᠷ᠎ᠠ ᠭᠠᠵᠠᠷ ᠬᠡᠷᠡᠭᠯᠡᠬᠦ ᠣᠶ ᠶᠢ ᠨᠡᠶᠢᠯᠡᠭᠦᠯᠦᠨ ᠬᠢᠨᠠᠨ ᠪᠠᠶᠢᠴᠠᠭᠠᠬᠤ ᠶᠢ ᠪᠡᠶᠡᠯᠡᠭᠦᠯᠵᠦ᠂ ᠭᠠᠵᠠᠷ ᠬᠡᠷᠡᠭᠯᠡᠬᠦ ᠴᠣᠬᠤᠯᠠᠪᠤᠷᠢ ᠪᠠ ᠣᠶᠢᠲᠤ ᠭᠠᠵᠠᠷ ᠤᠨ ᠵᠥᠪᠰᠢᠶᠡᠷᠡᠯ ᠢ ᠵᠡᠷᠭᠡᠪᠡᠷ ᠣᠯᠬᠤ︾᠂ ᠲᠥᠷᠥᠯ ᠵᠦᠢᠯ ᠢ ᠤᠷᠢᠳᠴᠢᠯᠠᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠪᠡ᠃  ᠭᠠᠵᠠᠷ ᠰᠢᠷᠤᠢ ᠣᠢ ᠶᠢ ᠬᠡᠷᠡᠭᠯᠡᠬᠦ ︽ᠨᠢᠭᠡ ᠤᠴᠢᠷ︾ ᠢ ᠲᠢᠩᠬᠢᠮ ᠲᠣᠪᠴᠢᠶ᠎ᠠ ᠬᠠᠮᠲᠤᠷᠠᠨ ︽ᠨᠢᠭᠡ ᠯᠡ ᠤᠳᠠᠭ᠎ᠠ ᠳᠤ ᠭᠦᠢᠴᠡᠳᠭᠡᠬᠦ︾ ᠬᠡᠷᠡᠭᠲᠡᠢ᠃ ᠲᠠᠨᠢᠯᠴᠠᠭᠤᠯᠤᠭᠰᠠᠨ ᠢᠶᠠᠷ᠂ ᠬᠤᠶᠢᠰᠢᠳᠠ᠂ ᠵᠢᠶᠠᠩᠰᠦ ᠮᠤᠵᠢ ᠶᠢᠨ ᠳᠣᠲᠣᠷ᠎ᠠ᠂ ᠬᠠᠮᠢᠶ᠎ᠠ ᠪᠥᠬᠦᠶ ᠲᠥᠷᠥᠯ ᠵᠦᠢᠯ ᠤᠨ ᠲᠠᠯ᠎ᠠ ᠨᠢ ᠵᠥᠪᠬᠡᠨ ᠨᠢᠭᠡ ᠯᠡ ᠴᠣᠩᠬᠤᠪᠴᠢ᠂ ᠨᠢᠭᠡ ᠢᠵᠢ ᠮᠠᠲ᠋ᠧᠷᠢᠶᠠᠯ ᠲᠤᠰᠢᠶᠠᠵᠤ᠂ ᠨᠢᠭᠡ ᠯᠡ ᠤᠳᠠᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠂ ᠬᠢᠨᠠᠨ ᠵᠥᠪᠰᠢᠶᠡᠷᠡᠭᠦᠯᠵᠦ ᠪᠠᠲᠤᠯᠠᠭᠰᠠᠨ ᠤ ᠳᠠᠷᠠᠭ᠎ᠠ ᠨᠢᠭᠡ ᠯᠡ ᠤᠳᠠᠭ᠎ᠠ ᠳᠤ ᠭᠠᠵᠠᠷ ᠰᠢᠷᠤᠢ ᠣᠢ ᠶᠢ ᠬᠡᠷᠡᠭᠯᠡᠬᠦ ᠵᠥᠪᠰᠢᠶᠡᠷᠡᠯ ᠤᠨ ᠪᠢᠴᠢᠭ ᠢ ᠣᠯᠵᠤ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ ᠥᠩᠭᠡᠷᠡᠭᠰᠡᠨ ᠠᠴᠠ ᠢᠯᠡᠳᠲᠡ ᠪᠤᠭᠤᠨᠢᠰᠬᠠᠪᠠ᠃  2023 ᠣᠨ ᠠᠴᠠ ᠨᠠᠭᠠᠰᠢ᠂ ᠱᠠᠨᠳᠦ᠋ᠩ ᠮᠣᠵᠢ ᠶᠢᠨ ᠯᠢᠨ ᠢ ᠬᠤᠲᠠ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ ᠮᠧᠩ ᠶᠢᠨ ᠰᠢᠶᠠᠨ ᠭᠠᠵᠠᠷ ᠰᠢᠷᠤᠢ ᠣᠢ ᠶᠢ ᠬᠡᠷᠡᠭᠯᠡᠬᠦ ︽ᠨᠢᠭᠡ ᠤᠴᠢᠷ︾ ᠢ ᠬᠢᠨᠠᠨ ᠵᠦᠪᠰᠢᠶᠡᠷᠡᠬᠦ ᠰᠢᠨ᠎ᠡ ᠵᠠᠭᠪᠤᠷ ᠢ ᠤᠷᠢᠳᠠᠪᠡᠷ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠪᠠ ᠣᠢ ᠰᠢᠭᠤᠢ ᠶᠢᠨ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠬᠤᠷᠳᠤᠴᠠ ᠪᠠᠨ ᠲᠦᠷᠭᠡᠳᠭᠡᠬᠦ︾ ᠪᠣᠯᠭᠠᠪᠠ᠃  ᠱᠠᠨᠳᠦ᠋ᠩ ᠤᠨ ᠵᠦᠩ ᠬᠤᠤ ᠰᠦᠯᠢᠶᠣᠣ ᠦᠢᠯᠡᠰ ᠤᠨ ᠬᠢᠵᠠᠭᠠᠷᠲᠤ ᠺᠣᠮᠫᠠᠨᠢ ᠶᠢᠨ ᠤᠶᠤᠨᠴᠢᠯᠠᠭᠰᠠᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠤᠨᠤᠭ ᠲᠥᠬᠦᠭᠡᠷᠦᠮᠵᠢ ᠶᠢ ᠦᠢᠯᠡᠳᠬᠦ ᠲᠦᠷᠦᠯ ᠵᠦᠢᠯ᠂ ᠬᠡᠷᠡᠭᠯᠡᠬᠦ ᠪᠠᠷ ᠪᠠᠶᠢᠭ᠎ᠠ ᠭᠠᠵᠠᠷ ᠤᠨ ᠲᠠᠯᠠᠪᠠᠢ ᠨᠢ 339.165 ᠮᠦ ᠪᠣᠯᠤᠨ᠎ᠠ᠂ ᠡᠭᠦᠨ ᠳᠤ ᠣᠶᠢᠲᠤ ᠭᠠᠵᠠᠷ ᠨᠢ 18.918 ᠮᠦ ᠶᠢ ᠡᠵᠡᠯᠡᠵᠦ᠂ ᠤᠶᠤᠨᠴᠢᠯᠠᠭᠰᠠᠨ ᠦᠢᠯᠡᠳᠪᠦᠷᠢᠯᠡᠯ ᠤᠨ ᠲᠠᠰᠤᠭ ᠪᠣᠯᠤᠨ ᠪᠣᠰᠤᠭ᠎ᠠ ᠴᠣᠭᠴᠠᠲᠤ ᠰᠠᠩ ᠬᠥᠮᠥᠷᠭᠡ᠂ ᠰᠢᠨ᠎ᠡ ᠮᠠᠲ᠋ᠧᠷᠢᠶᠠᠯ ᠤᠨ ᠰᠤᠳᠤᠯᠤᠨ ᠨᠡᠭᠡᠭᠡᠬᠦ ᠲᠥᠪ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠪᠦᠳᠦᠬᠡᠨ ᠪᠠᠶᠢᠭᠤᠯᠬᠤ ᠳᠤ ᠬᠡᠷᠡᠭᠯᠡᠪᠡ᠃ ᠥᠭᠡᠷᠡᠴᠢᠯᠡᠯᠲᠡ ᠠᠴᠠ ᠡᠮᠦᠨ᠎ᠡ ᠡᠶᠢᠮᠦᠷᠬᠦᠦ ᠲᠥᠷᠥᠯ ᠤᠨ ᠭᠠᠵᠠᠷ ᠰᠢᠷᠤᠢ ᠤᠢ ᠶᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠨᠢ ᠪᠠᠷᠤᠭ 4 ᠰᠠᠷ᠎ᠠ ᠬᠠᠭᠠᠰ ᠪᠠᠶᠢᠵᠤ᠂ ᠡᠭᠦᠨ ᠳᠤ ᠣᠢ ᠰᠢᠭᠤᠢ ᠶᠢᠨ ᠭᠠᠵᠠᠷ ᠢ ᠬᠢᠨᠠᠨ ᠵᠥᠪᠰᠢᠶᠡᠷᠡᠬᠦ ᠨᠢ ᠪᠠᠷᠤᠭ 1 ᠰᠠᠷ᠎ᠠ ᠬᠠᠭᠠᠰ ᠬᠡᠷᠡᠭᠯᠡᠪᠡ︔ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠲᠤᠰ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠣᠢ ᠰᠢᠭᠤᠢ ᠶᠢ ᠬᠢᠨᠠᠨ ᠵᠥᠪᠰᠢᠶᠡᠷᠡᠬᠦ ᠳᠤ ᠬᠡᠷᠡᠭᠯᠡᠬᠦ ᠴᠠᠭ ᠨᠢ 3 ᠰᠠᠷ᠎ᠠ ᠪᠠᠶᠢᠵᠤ᠂ ᠡᠭᠦᠨ ᠳᠤ ᠣᠢ ᠰᠢᠭᠤᠢ ᠶᠢᠨ ᠭᠠᠵᠠᠷ ᠢ ᠬᠢᠨᠠᠨ ᠵᠥᠪᠰᠢᠶᠡᠷᠡᠬᠦ ᠳᠤ ᠵᠥᠪᠬᠡᠨ 9 ᠡᠳᠦᠷ ᠬᠡᠷᠡᠭᠯᠡᠵᠦ᠂ ᠬᠢᠨᠠᠨ ᠵᠥᠪᠰᠢᠶᠡᠷᠡᠬᠦ ᠴᠠᠭ ᠢ 40 ᠡᠳᠦᠷ ᠣᠷᠴᠢᠮ ᠠᠷᠪᠢᠯᠠᠵᠤ᠂ ᠬᠢᠨᠠᠨ ᠵᠥᠪᠰᠢᠶᠡᠷᠡᠬᠦ ᠬᠤᠷᠳᠤᠴᠠ ᠶᠢ 30% ᠪᠠᠷ ᠲᠦᠷᠭᠡᠨ ᠪᠣᠯᠭᠠᠵᠠᠢ᠃  ᠯᠢᠨ ᠢ ᠬᠤᠲᠠ ᠶᠢᠨ ᠬᠢᠨ ᠰᠠᠯᠠᠭ᠎ᠠ ᠮᠥᠴᠢᠷ ᠤᠨ ᠡᠬᠢ ᠪᠠᠶᠠᠯᠢᠭ ᠢ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠳᠠᠬᠢᠨ ᠪᠣᠶ ᠪᠣᠯᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠯᠡᠬᠦ ᠭᠠᠵᠠᠷ ᠪᠠ ᠣᠶᠢᠲᠤ ᠭᠠᠵᠠᠷ ᠢ ᠬᠢᠨᠠᠨ ᠵᠥᠪᠰᠢᠶᠡᠷᠡᠬᠦ ᠬᠤᠶᠠᠷ ᠬᠢᠨᠠᠯᠲᠠ ᠶᠢ ᠨᠢᠭᠡᠳᠬᠡᠵᠦ᠂ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ ᠮᠠᠲ᠋ᠧᠷᠢᠶᠠᠯ ᠢ ᠪᠠᠭᠠᠰᠬᠠᠬᠤ᠂ ᠨᠢᠭᠡᠳᠦᠯᠲᠡᠶ ᠬᠠᠶᠢᠨ ᠰᠢᠨᠵᠢᠯᠡᠵᠦ ᠭᠦᠶᠦᠬᠦ ᠶᠢ ᠪᠠᠭᠠᠰᠬᠠᠬᠤ᠂ ᠨᠢᠭᠡᠳᠦᠯᠲᠡᠶ ᠬᠢᠨᠠᠨ ᠵᠥᠪᠰᠢᠶᠡᠷᠡᠬᠦ ᠵᠦᠢᠯᠡᠰ ᠤᠨ ᠲᠤᠭ᠎ᠠ ᠶᠢ ᠪᠠᠭᠠᠰᠬᠠᠬᠤ᠂ ᠨᠢᠭᠡᠳᠦᠯᠲᠡᠶ ᠬᠢᠨᠠᠨ ᠵᠥᠪᠰᠢᠶᠡᠷᠡᠬᠦ ᠭᠤᠭᠴᠤᠭ᠎ᠠ ᠶᠢ ᠪᠠᠭᠠᠰᠬᠠᠬᠤ ᠵᠡᠷᠭᠡ ︽ᠳᠥᠷᠪᠡ ᠶᠢ ᠨᠢᠭᠡᠳᠬᠡᠵᠦ ᠳᠥᠷᠪᠡ ᠶᠢ ᠪᠠᠭᠠᠰᠬᠠᠬᠤ︾ ᠵᠠᠭᠪᠤᠷ ᠢ ᠬᠡᠷᠡᠭᠵᠢᠭᠦᠯᠵᠦ᠂ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠪᠠᠲᠤᠯᠠᠪᠠ᠃ ᠰᠢᠨ᠎ᠡ ᠵᠠᠭᠪᠤᠷ ᠢᠶᠠᠷ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ︽ᠭᠡᠷ᠎ᠡ ᠲᠣᠭᠲᠠᠪᠠᠯ ᠳᠠᠷᠤᠢ ᠭᠠᠵᠠᠷ ᠰᠢᠷᠣᠢ ᠣᠯᠬᠤ︾ ᠳᠤ ᠬᠦᠴᠦᠨ ᠨᠡᠮᠡᠷᠢᠯᠡᠨ᠎ᠡ᠃ 2024 ᠣᠨ ᠠᠴᠠ ᠨᠠᠭᠠᠰᠢ᠂ ᠯᠢᠨ ᠢ ᠬᠤᠲᠠ ᠶᠢᠨ ᠬᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ 357 ᠲᠤᠰᠠᠭᠠᠷ ᠭᠠᠵᠠᠷ ᠰᠣᠩᠭᠤᠬᠤ ᠲᠥᠷᠥᠯ ᠵᠦᠢᠯ ᠪᠠ ᠬᠤᠲᠠ ᠪᠠᠯᠭᠠᠰᠤ ᠲᠣᠰᠬᠤᠨ ᠤ 5.77 ᠲᠦᠮᠡᠨ ᠮᠥ ᠭᠠᠵᠠᠷ ᠰᠣᠩᠭᠤᠬᠤ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠣᠶ ᠰᠢᠭᠤᠶ ᠳᠤ ᠬᠡᠷᠡᠭᠯᠡᠬᠦ ᠭᠠᠵᠠᠷ ᠤᠨ ︽ᠨᠢᠭᠡ ᠶᠠᠪᠤᠳᠠᠯ︾ ᠢ 100 ᠭᠠᠷᠤᠶ ᠬᠤᠪᠢ ᠭᠦᠢᠴᠡᠳᠬᠡᠵᠦ᠂ ᠮᠡᠳᠡᠭᠦᠯᠬᠦ ᠮᠠᠲ᠋ᠧᠷᠢᠶᠠᠯ ᠢ ᠳᠤᠮᠳᠠᠴᠢ ᠪᠠᠷ 44 % ᠪᠠᠷ ᠪᠠᠭᠠᠰᠬᠠᠵᠤ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ 70 % ᠪᠠᠷ ᠪᠠᠭᠠᠰᠬᠠᠪᠠ᠃ ︵ᠴᠠᠩ ᠴᠢᠨ︶ 
ᠢᠷᠡᠯᠲᠡ᠄ ᠠᠷᠠᠳ ᠤᠨ ᠡᠳᠦᠷ ᠤᠨ ᠰᠣᠨᠢᠨ