2025 ᠣᠨ ᠤ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2025/2/21
  ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 13 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ 2024 ᠣᠨ ᠳᠤ ᠡᠯ᠎ᠡ ᠠᠶᠢᠮᠠᠭ ᠬᠤᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠨᠡᠯᠡᠬᠦ ᠭᠦᠢᠴᠡᠳᠬᠡᠯ ᠲᠤᠭ᠎ᠠ ︵ᠲᠤᠷᠰᠢᠨ   ᠬᠡᠷᠡᠭᠵᠢᠭᠦᠯᠬᠦ︶︾ ᠶᠢᠨ ᠶᠣᠰᠣᠭᠠᠷ ᠨᠡᠷᠡᠰ ᠤᠨ ᠵᠢᠭᠰᠠᠭᠠᠯᠲᠠ ᠳᠠᠬᠢ ᠪᠣᠬᠢᠷᠲᠤᠯ ᠥᠬᠡᠶ ᠠᠭᠤᠷᠬᠠᠶ ᠶᠢ ᠪᠥᠬᠦ ᠲᠠᠯ᠎ᠠ ᠪᠠᠷ ᠳᠠᠬᠢᠨ ᠬᠢᠨᠠᠬᠤ ᠠᠵᠢᠯ ᠢ  ᠥᠷᠨᠢᠭᠦᠯᠪᠡ᠃ ᠡᠯ᠎ᠡ ᠠᠶᠢᠮᠠᠭ ᠬᠤᠲᠠ ᠶᠢᠨ ᠮᠡᠳᠡᠭᠦᠯᠦᠨ ᠬᠦᠷᠭᠡᠭᠰᠡᠨ ᠳᠠᠬᠢᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ 2025 ᠣᠨ ᠤ 1 ᠳ᠋ᠦ᠋ᠭᠡᠷ ᠤᠳᠠᠭᠠᠨ ᠤ ᠬᠤᠷᠠᠯ ᠢᠶᠠᠷ ᠰᠤᠳᠤᠯᠤᠨ ᠲᠣᠭᠲᠠᠭᠠᠭᠠᠳ᠂ ᠠᠭᠤᠷᠬᠠᠶ ᠶᠢᠨ ᠨᠦᠬᠡ ᠶᠢ ᠬᠠᠭᠠᠭᠰᠠᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠨᠡᠯᠢᠶᠡᠳ ᠶᠡᠭᠡ ᠠᠳᠡᠯ ᠭᠠᠷᠤᠭᠰᠠᠨ᠂ ᠬᠠᠮᠢᠶ᠎ᠠ ᠪᠥᠬᠦᠶ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ ᠵᠡᠷᠭᠡ ᠪᠠᠶᠢᠳᠠᠯ ᠣᠷᠣᠰᠢᠵᠤ ᠪᠠᠶᠢᠭ᠎ᠠ 16 ᠠᠭᠤᠷᠬᠠᠶ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠪᠠ ︵ᠳᠠᠭᠠᠯᠳᠤᠭᠤᠯᠤᠯ ᠳᠤ ᠦᠵᠡ︶ ᠃  ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠭᠳᠡᠭᠰᠡᠨ ᠠᠭᠤᠷᠬᠠᠶ ᠶᠢᠨ ᠠᠵᠤ ᠠᠬᠤᠶᠢᠯᠠᠯ ᠨᠢ ᠰᠢᠯᠵᠢᠭᠦᠯᠦᠭᠳᠡᠭᠰᠡᠨ ᠬᠤᠭᠤᠴᠠᠭᠠᠨ ᠳᠤ ᠪᠠᠨ ︽ᠪᠣᠬᠢᠷᠲᠤᠯ ᠥᠬᠡᠶ ᠠᠭᠤᠷᠬᠠᠶ︾ ᠶᠢᠨ ᠴᠣᠯᠠ ᠶᠢ ᠬᠡᠷᠡᠭᠯᠡᠵᠦ ᠪᠣᠯᠬᠤ ᠥᠬᠡᠶ᠂ ᠬᠠᠮᠢᠶ᠎ᠠ ᠪᠥᠬᠦᠶ ᠳᠡᠮᠵᠢᠬᠦ ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ᠂ ᠨᠥᠬᠦᠴᠡᠯ ᠳᠤ ᠨᠡᠶᠢᠴᠡᠬᠦ ᠦᠨᠡᠮᠯᠡᠯ ᠲᠠᠢ ᠦᠢᠯᠡᠳᠪᠦᠷᠢᠯᠡᠯ ᠤᠨ ᠲᠣᠮᠣ ᠳᠤᠮᠳᠠ ᠬᠡᠯᠪᠡᠷᠢ ᠶᠢᠨ ᠠᠭᠤᠷᠬᠠᠶ ᠳᠤ᠂ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠲᠠᠢ ᠬᠠᠷᠢᠴᠠᠭᠤᠯᠤᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠷᠲᠡᠬᠡᠨ ᠪᠣᠬᠢᠷᠲᠤᠯ ᠥᠬᠡᠶ ᠠᠭᠤᠷᠬᠠᠶ ᠪᠣᠯᠬᠤ ᠪᠠᠷ ᠴᠢᠷᠮᠠᠶᠢᠬᠤ ᠬᠡᠷᠡᠭᠲᠡᠶ᠃  ᠳᠠᠭᠠᠯᠳᠤᠭᠤᠯᠤᠯ᠄ 2025 ᠣᠨ ᠤ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠭᠰᠠᠨ ᠠᠭᠤᠷᠬᠠᠶ ᠶᠢᠨ ᠨᠡᠷᠡᠰ    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  2025 ᠣᠨ ᠤ 2 ᠳ᠋ᠤᠭᠠᠷ ᠰᠠᠷ᠎ᠠ ᠶᠢᠨ 20 ᠤ ᠡᠳᠦᠷ    ᠳᠠᠭᠠᠯᠳᠤᠭᠤᠯᠤᠯ ᠢ ᠪᠠᠭᠤᠯᠭᠠᠬᠤ᠄ 2025 ᠣᠨ ᠤ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠭᠰᠠᠨ ᠠᠭᠤᠷᠬᠠᠶ ᠶᠢᠨ ᠨᠡᠷᠡᠰ.docx

 

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ