ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠠᠵᠢᠯᠯᠠᠭ᠎ᠠ — ᠮᠠᠨ ᠤ ᠤᠯᠤᠰ ᠤᠨ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠮᠡᠳᠡᠭᠳᠡᠮ᠎ᠡ ᠠᠮᠵᠢᠯᠲᠠ ᠣᠯᠪᠠ
ᠨᠡᠶᠢᠲᠡᠯᠡᠭᠰᠡᠨ ᠴᠠᠭ᠄
2025/2/21
  ᠶᠡᠷᠦᠩᠬᠡᠢ ᠲᠠᠪᠴᠠᠩ ᠤᠨ ᠲᠥᠪ ᠲᠧᠯᠧᠢᠰ ᠤᠨ ᠰᠤᠷᠪᠤᠯᠵᠢᠯᠠᠭᠴᠢ  ᠼᠦᠢ ᠰᠢᠶᠠ  ᠲᠠᠨ ᠵᠧᠨ ᠬᠤᠸᠠ   ᠦ᠋ ᠲᠢᠶᠠᠨ ᠪᠠᠢ  ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ ᠪᠣᠯᠬᠤ ᠲᠤᠯᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠨᠢ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠪᠣᠯᠤᠨ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃  ᠣᠶᠢᠷ᠎ᠠ ᠳᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠲᠥᠪ ᠲᠧᠯᠸᠢᠰ ᠤᠨ ᠰᠤᠷᠪᠤᠯᠵᠢᠯᠠᠭᠴᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠮᠡᠳᠡᠭᠳᠡᠮ᠎ᠡ ᠠᠮᠵᠢᠯᠲᠠ ᠣᠯᠪᠠ — 10 ᠳ᠋ᠦᠩᠰᠢᠭᠤᠷ ᠲᠤᠨ ᠤ ᠳᠡᠰ ᠤᠨ ᠲᠣᠰᠣᠨ ᠠᠭᠤᠷᠬᠠᠢ ᠂ 19 ᠮᠢᠩᠭᠠᠨ ᠳ᠋ᠦᠩᠰᠢᠭᠤᠷ ᠳᠥᠷᠪᠡᠯᠵᠢᠨ ᠮᠧᠲᠷ ᠳᠡᠰ ᠤᠨ ᠬᠡᠢ ᠶᠢᠨ ᠠᠭᠤᠷᠬᠠᠢ ᠶᠢ ᠰᠢᠨ᠎ᠡ ᠪᠠᠷ ᠢᠯᠡᠷᠡᠭᠦᠯᠪᠡ︔ 10 ᠲᠣᠮᠣ ᠬᠡᠯᠪᠡᠷᠢ ᠶᠢᠨ ᠦᠷᠡᠨ ᠤ ᠬᠦᠳᠡᠷ ᠤᠨ ᠬᠡᠪᠲᠡᠰᠢ ᠶᠢ ᠬᠠᠶᠢᠨ ᠤᠯᠵᠦ᠂ ᠦᠷᠡᠨ ᠤ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ ᠶᠡᠭᠡ ᠪᠠᠷ ᠨᠡᠮᠡᠭᠳᠡᠪᠡ︔ ᠵᠡᠰ ᠂ ᠠᠯᠲᠠ᠂ ᠭᠠᠯᠢ᠂ ᠭᠧᠷᠮᠠᠨ᠂ ᠢᠨᠳᠢ ᠵᠡᠷᠭᠡ 12 ᠵᠦᠢᠯ ᠤᠨ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ ᠨᠢ ᠢᠯᠡᠳᠲᠡ ᠨᠡᠮᠡᠭᠳᠡᠪᠡ︔ ᠯᠢᠲ᠋ᠢ᠂ ᠽᠢᠷᠭᠦᠨ᠂ ᠬᠠᠹᠨᠢ᠂ ᠡᠾᠧᠯᠢ᠂ ᠬᠤᠪᠣᠷ ᠰᠢᠷᠤᠢ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠤᠯᠪᠣᠭᠳᠠᠯ ᠪᠦᠬᠦᠢ ᠠᠭᠤᠷᠬᠠᠢ ᠶᠢᠨ ᠭᠠᠷᠤᠯᠲᠠ ᠴᠢᠬᠤᠯᠠ ᠶᠡᠭᠡ ᠰᠢᠪᠲᠤᠯᠤᠯᠲᠠ ᠲᠠᠢ ᠪᠣᠯᠵᠠᠢ᠃  ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠲᠥᠪ ᠲᠧᠯᠸᠢᠰ ᠤᠨ ᠰᠣᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠰᠢᠨ᠎ᠡ ᠨᠢᠭᠡᠨ ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠤᠮᠳᠠ᠂ ᠣᠯᠠᠨ ᠲᠣᠮᠣ ᠬᠡᠯᠪᠡᠷᠢ ᠶᠢᠨ ᠠᠭᠤᠷᠬᠠᠢ᠂ ᠣᠨᠴᠠᠭᠠᠶᠢᠯᠠᠨ ᠵᠡᠰ ᠪᠠ ᠬᠥᠩᠭᠡᠨ ᠴᠠᠭᠠᠨ᠂ ᠯᠢᠲ᠋ᠢ ᠵᠡᠷᠭᠡ ᠠᠭᠤᠷᠬᠠᠢ ᠶᠢᠨ ᠭᠠᠷᠤᠯᠲᠠ ᠶᠢᠨ ᠰᠢᠨ᠎ᠡ ᠡᠬᠢ ᠪᠠᠶᠠᠯᠢᠭ ᠤᠨ ᠬᠡᠮᠵᠢᠶ᠎ᠡ ᠶᠡᠭᠡ ᠪᠠᠷ ᠨᠡᠮᠡᠭᠳᠡᠵᠡᠢ᠃  ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠲᠠᠩ ᠵᠢᠤᠢ ᠰᠢᠩ ᠤᠨ ᠲᠠᠨᠢᠯᠴᠠᠭᠤᠯᠤᠭᠰᠠᠨ ᠢᠶᠠᠷ᠂ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠨᠢ 36 ᠠᠭᠤᠷᠬᠠᠶ ᠶᠢᠨ ᠲᠥᠷᠥᠯ ᠳᠤ ᠨᠢᠭᠡ ᠠᠭᠤᠷᠬᠠᠶ ᠳᠤ ᠨᠢᠭᠡ ᠠᠷᠭ᠎ᠠ ᠪᠣᠳᠣᠯᠭ᠎ᠠ ᠠᠪᠤᠭᠰᠠᠨ ᠪᠠᠶᠢᠨ᠎ᠠ᠃ ᠨᠢᠭᠡᠨᠲᠡ ᠪᠠᠶᠢᠭ᠎ᠠ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠨᠡᠭᠦᠷᠡᠰᠦ᠂ ᠲᠡᠮᠦᠷ᠂ ᠮᠠᠩᠭᠠᠨ ᠵᠡᠷᠭᠡ ᠶᠡᠭᠡ ᠬᠡᠮᠵᠢᠶᠡᠨ ᠤ ᠠᠭᠤᠷᠬᠠᠶ ᠶᠢᠨ ᠭᠠᠷᠤᠯᠲᠠ ᠪᠠᠶᠢᠬᠤ ᠪᠥᠭᠡᠳ ᠪᠠᠰᠠ ᠯᠢᠲ᠋ᠢ᠂ ᠬᠤᠪᠣᠷ ᠰᠢᠷᠣᠶ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠭᠤᠷᠬᠠᠶ ᠶᠢᠨ ᠭᠠᠷᠤᠯᠲᠠ ᠪᠠᠰᠠ ᠪᠠᠶᠢᠨ᠎ᠠ᠃  ︽ᠵᠡᠰ ᠤᠨ ᠠᠭᠤᠷᠬᠠᠢ ᠪᠣᠯ ᠠᠵᠤ ᠦᠢᠯᠡᠳᠪᠦᠷᠢ ᠶᠢᠨ ᠬᠠᠮᠤᠭ ᠤᠨ ᠴᠢᠬᠤᠯᠠ ︿ᠠᠮᠤ ᠪᠤᠳᠠᠭ᠎ᠠ ﹀ ᠮᠥᠨ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠡᠪᠳᠡᠵᠦ᠂ ᠪᠥᠬᠦ ᠤᠯᠤᠰ ᠲᠤ 3000 ᠭᠠᠷᠤᠢ ᠲᠦᠮᠡᠨ ᠲᠣᠨ ᠵᠡᠰ ᠢ ᠰᠢᠨ᠎ᠡ ᠪᠠᠷ ᠨᠡᠮᠡᠭᠳᠡᠭᠦᠯᠵᠦ᠂ ᠡᠨᠡ ᠨᠢ ᠥᠩᠭᠡᠷᠡᠭᠰᠡᠨ ᠤ 10 ᠵᠢᠯ ᠤᠨ ᠬᠤᠭᠤᠴᠠᠭᠠᠨ ᠤ ᠨᠡᠶᠢᠯᠡᠪᠦᠷᠢ ᠲᠠᠢ ᠲᠡᠩᠴᠡᠨ᠎ᠡ︾ ᠭᠡᠵᠦ ᠲᠠᠩ ᠵᠢᠤᠢ ᠰᠢᠩ ᠬᠡᠯᠡᠪᠡ᠃  ᠡᠭᠦᠨ ᠠᠴᠠ ᠭᠠᠳᠠᠨ᠎ᠠ᠂ ᠯᠢᠲ᠋ᠢ᠂ ᠽᠢᠷᠭᠦᠨ᠂ ᠬᠠᠹᠨᠢ᠂ ᠡᠾᠧᠯᠢ᠂ ᠬᠤᠪᠣᠷ ᠰᠢᠷᠣᠶ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠭᠤᠷᠬᠠᠶ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ ᠶᠢᠨ ᠴᠢᠬᠤᠯᠠ ᠶᠡᠭᠡ ᠰᠢᠪᠲᠤᠯᠤᠯᠲᠠ ᠨᠢ ᠮᠠᠨ ᠤ ᠤᠯᠤᠰ ᠤᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠠᠨᠰᠠᠷ ᠤᠨ ᠠᠶᠠᠯᠠᠯ ᠵᠡᠷᠭᠡ ᠰᠢᠨ᠎ᠡ ᠪᠠᠷ ᠬᠥᠭᠵᠢᠭᠰᠡᠨ ᠠᠵᠢᠯ ᠲᠥᠷᠥᠯ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠳᠤ ᠡᠬᠢ ᠪᠠᠶᠠᠯᠢᠭ ᠤᠨ ᠬᠦᠴᠦᠲᠡᠶ ᠪᠠᠲᠤᠯᠠᠭ᠎ᠠ ᠬᠠᠩᠭᠠᠪᠠ᠃  ︽ᠰᠧᠴᠤᠸᠠᠨ ᠤ ᠵᠢᠶᠠ ᠵᠢᠢ ᠺᠠᠠ ᠠᠴᠠ ᠰᠢᠨᠵᠢᠶᠠᠩ ᠤᠨ ᠠ ᠡᠯ ᠶᠢᠨ ᠬᠦᠷᠬᠦ ᠳᠤ᠂ ᠪᠢᠳᠡ 3000 ᠺᠢᠯᠣᠮᠧᠲᠷ ᠤᠷᠲᠤ ᠯᠢᠲ᠋ᠢ ᠠᠭᠤᠷᠬᠠᠶ ᠶᠢᠨ ᠪᠦᠰᠡ ᠶᠢ ᠪᠠᠶᠢᠭᠤᠯᠵᠤ᠂ ᠡᠬᠢ ᠪᠠᠶᠠᠯᠢᠭ ᠤᠨ ᠬᠡᠮᠵᠢᠶ᠎ᠡ ᠨᠢ 2000 ᠲᠦᠮᠡᠨ ᠲᠣᠨ ᠠᠴᠠ 3000 ᠲᠦᠮᠡᠨ ᠲᠣᠨ ᠬᠦᠷᠲᠡᠯ᠎ᠡ᠂ ᠮᠠᠨ ᠤ ᠯᠢᠲ᠋ᠢ ᠶᠢᠨ ᠦᠨ᠎ᠡ ᠬᠠᠩᠰᠢ ᠶᠢ ᠥᠷᠥᠨᠡᠳᠠᠬᠢᠨ ᠤ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠡᠷᠬᠡᠰᠢᠶᠡᠯ ᠳᠤ ᠣᠷᠣᠭᠤᠯᠬᠤ ᠦᠭᠡᠶ ᠪᠠᠶᠢᠬᠤ ᠶᠢ ᠪᠠᠲᠤᠯᠠᠵᠤ ᠳᠡᠶᠢᠯᠦᠨ᠎ᠡ︾ ᠭᠡᠵᠦ ᠲᠠᠩ ᠵᠢᠤᠢ ᠰᠢᠩ ᠬᠡᠯᠡᠪᠡ᠃  ᠡᠨᠧᠷᠭᠢ ᠠᠭᠤᠷᠬᠠᠶ ᠶᠢᠨ ᠭᠠᠷᠤᠯᠲᠠ ᠶᠢᠨ ᠲᠠᠯ᠎ᠠ ᠪᠠᠷ᠂ ᠮᠠᠨ ᠤ ᠤᠯᠤᠰ ᠣᠷᠳᠣᠰ ᠤᠨ ᠬᠤᠲᠣᠭᠤᠷ ᠲᠤ 3 ᠮᠢᠩᠭᠠᠨ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠭᠦᠨ ᠳᠠᠪᠬᠤᠷᠭ᠎ᠠ ᠶᠢᠨ ᠨᠡᠭᠦᠷᠡᠰᠦᠨ ᠳᠠᠪᠬᠤᠷᠭ᠎ᠠ ᠳᠤ ᠶᠡᠭᠡ ᠬᠡᠢ ᠶᠢᠨ 3 ᠠᠭᠤᠷᠬᠠᠶ ᠶᠢ ᠬᠠᠶᠢᠨ ᠲᠣᠳᠣᠯᠠᠵᠤ᠂ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠨᠢ 5000 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠪᠠ︔ ᠪᠦᠬᠦ ᠪᠥᠮᠪᠥᠷᠴᠡᠭ ᠤᠨ ᠠᠩᠬᠠᠳᠠᠭᠴᠢ ᠭᠦᠨ ᠤᠰᠤ ᠠᠴᠠ ᠬᠡᠳᠦ ᠭᠦᠢᠬᠡᠨ ᠳᠠᠪᠬᠤᠷᠭ᠎ᠠ ᠶᠢᠨ ᠲᠣᠮᠣ ᠬᠡᠯᠪᠡᠷᠢ ᠶᠢᠨ ᠬᠡᠢ ᠶᠢᠨ ᠠᠭᠤᠷᠬᠠᠶ ᠶᠢ ᠢᠯᠡᠷᠡᠭᠦᠯᠵᠦ᠂ ᠪᠠᠶᠢᠭᠠᠯᠢ ᠶᠢᠨ ᠰᠢᠲᠠᠮᠠᠬᠠᠶ ᠬᠡᠢ ᠶᠢ ᠬᠠᠶᠢᠨ ᠲᠣᠳᠣᠯᠠᠬᠤ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ ᠨᠢ 1000 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ ᠮᠠᠨ ᠤ ᠤᠯᠤᠰ ᠤᠨ ᠴᠡᠪᠡᠷ ᠡᠨᠧᠷᠭᠢ ᠪᠠᠷ ᠥᠪᠡᠷ ᠢ ᠪᠠᠨ ᠬᠠᠩᠭᠠᠬᠤ ᠴᠢᠳᠠᠪᠤᠷᠢ ᠢᠯᠡᠳᠲᠡ ᠳᠡᠭᠡᠭᠰᠢᠯᠡᠪᠡ᠃  2011 ᠣᠨ ᠠᠴᠠ 2020 ᠣᠨ ᠪᠣᠯᠲᠠᠯ᠎ᠠ᠂ ᠮᠠᠨ ᠤ ᠤᠯᠤᠰ ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢ ᠡᠬᠢᠯᠡᠭᠦᠯᠵᠡᠶ᠃ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠬᠦ ᠡᠭᠡᠯᠵᠢ ᠶᠢᠨ ᠠᠭᠤᠷᠬᠠᠢ ᠡᠷᠢᠬᠦ ᠠᠵᠢᠯᠯᠠᠭ᠎ᠠ ᠶᠢ ᠰᠢᠪᠲᠤᠯᠵᠤ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠰᠢᠨ᠎ᠡ ᠪᠠᠷ ᠨᠡᠮᠡᠭᠳᠡᠭᠰᠡᠨ ᠡᠬᠢ ᠪᠠᠶᠠᠯᠢᠭ ᠤᠨ ᠬᠡᠮᠵᠢᠶ᠎ᠡ ᠲᠣᠰ ᠲᠣᠰ 101 ᠳ᠋ᠦᠩᠰᠢᠭᠤᠷ ᠲᠣᠨ᠂ 6.85 ᠲᠦᠮᠡᠨ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ 17 ᠳ᠋ᠦᠩᠰᠢᠭᠤᠷ ᠲᠣᠨ ᠤ ᠲᠠᠰ ᠤᠨ ᠲᠣᠮᠣ ᠴᠢᠯᠠᠭᠤᠨ ᠲᠣᠰᠣᠨ ᠤ ᠠᠭᠤᠷᠬᠠᠶ ᠪᠠ 21 ᠮᠢᠩᠭᠠᠨ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠲᠠᠰ ᠤᠨ ᠠᠭᠠᠷ ᠮᠠᠨᠳᠠᠯ ᠤᠨ ᠠᠭᠤᠷᠬᠠᠶ ᠶᠢ ᠢᠯᠡᠷᠡᠭᠦᠯᠪᠡ︔ ᠰᠢᠨ᠎ᠡ ᠪᠠᠷ ᠨᠡᠮᠡᠭᠳᠡᠭᠰᠡᠨ ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ 5268 ᠳ᠋ᠦᠩᠰᠢᠭᠤᠷ ᠲᠣᠨ᠂ ᠨᠢᠺᠧᠯ ᠡᠬᠢ ᠪᠠᠶᠠᠯᠢᠭ ᠤᠨ ᠬᠡᠮᠵᠢᠶ᠎ᠡ 349 ᠲᠦᠮᠡᠨ ᠲᠣᠨ ᠪᠠᠶᠢᠵᠤ᠂ ᠴᠢᠯᠠᠭᠤᠨ ᠲᠣᠰᠣᠨ ᠤ ᠪᠤᠰᠤ ᠠᠭᠤᠷᠬᠠᠢ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ 32 ᠰᠢᠨ᠎ᠡ ᠪᠠᠷ ᠪᠣᠶ ᠪᠣᠯᠭᠠᠪᠠ᠃  ᠬᠡᠳᠦ᠋ᠢᠪᠡᠷ ᠳᠡᠭᠡᠷ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠪᠣᠯᠪᠠᠴᠤ ᠵᠠᠷᠢᠮ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠳᠠᠭᠠᠳᠤ ᠳᠤ ᠲᠦᠰᠢᠭᠯᠡᠬᠦ ᠬᠡᠮᠵᠢᠶ᠎ᠡ ᠨᠡᠯᠢᠶᠡᠳ ᠥᠨᠳᠥᠷ ᠪᠠᠶᠢᠨ᠎ᠠ᠃ ᠡᠭᠦᠨ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢ ᠬᠠᠮᠲᠤ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠪᠡᠶ᠎ᠡ ᠪᠠᠨ ᠳᠠᠭᠠᠭᠠᠵᠤ ᠬᠠᠩᠭᠠᠬᠤ ᠴᠢᠳᠠᠪᠤᠷᠢ ᠶᠢ ᠴᠢᠩᠭᠠᠳᠬᠠᠵᠤ᠂ ᠤᠯᠤᠰ ᠤᠨ ᠠᠵᠤ ᠠᠬᠤᠶ ᠶᠢᠨ ᠠᠮᠤᠷ ᠲᠦᠪᠰᠢᠨ ᠪᠠ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠪᠠᠲᠤᠯᠠᠵᠤ ᠪᠣᠯᠤᠨ᠎ᠠ᠃  ᠰᠢᠨ᠎ᠡ ᠨᠢᠭᠡᠨ ᠡᠭᠡᠯᠵᠢ ᠶᠢᠨ ᠠᠭᠤᠷᠬᠠᠶ ᠡᠷᠢᠬᠦ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠰᠢᠪᠲᠤᠯᠤᠭᠰᠠᠨ ᠠᠴᠠ ᠨᠠᠭᠠᠰᠢ᠂ ᠡᠯ᠎ᠡ ᠭᠠᠵᠠᠷ ᠤᠳ ᠶᠡᠭᠡ ᠬᠡᠮᠵᠢᠶᠡᠨ ᠤ ᠬᠤᠪᠣᠷ ᠴᠤᠬᠠᠭ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠠᠭᠤᠷᠬᠠᠶ ᠶᠢᠨ ᠭᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠬᠦᠳᠡᠷ ᠤᠨ ᠬᠡᠪᠲᠡᠰᠢ ᠪᠣᠯᠤᠭᠰᠠᠨ ᠣᠷᠣᠨ ᠪᠦᠰᠡ ᠪᠣᠯᠤᠨ ᠲᠣᠰᠣ ᠠᠭᠤᠯᠤᠭᠰᠠᠨ ᠴᠢᠬᠤᠯᠠ ᠬᠤᠲᠣᠭᠤᠷ ᠪᠠᠶᠢᠬᠤ ᠲᠣᠭᠤᠷᠢᠨ ᠳᠤ ᠠᠭᠤᠷᠬᠠᠶ ᠡᠷᠢᠬᠦ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠪᠠᠷᠠᠭᠤᠨ ᠬᠡᠰᠡᠭ ᠤᠨ ᠭᠠᠵᠠᠷ ᠣᠷᠣᠨ ᠳᠤ ᠨᠢᠭᠡ ᠪᠦᠯᠦᠭ ᠡᠨᠧᠷᠭᠢ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠰᠢᠨ᠎ᠡ ᠪᠠᠷ ᠨᠡᠮᠡᠭᠳᠡᠵᠦ᠂ ᠳᠤᠮᠳᠠ ᠪᠠ ᠵᠡᠭᠦᠨ ᠬᠡᠰᠡᠭ ᠤᠨ ᠬᠠᠭᠤᠴᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠡᠬᠢ ᠪᠠᠶᠠᠯᠢᠭ ᠤᠨ ᠰᠠᠭᠤᠷᠢ ᠤᠯᠠᠮ ᠨᠢᠭᠡ ᠠᠯᠬᠤᠮ ᠪᠠᠬᠢᠵᠢᠪᠡ᠃  ᠨᠡᠭᠡᠭᠡᠨ ᠮᠠᠯᠲᠠᠵᠤ ᠪᠣᠯᠬᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠡᠷᠬᠢᠨ ᠡᠷᠢᠵᠦ ᠣᠯᠬᠤ ᠪᠤᠢ︖  ᠡᠩ ᠲᠡᠷᠢᠭᠦᠨ ᠳᠤ᠂ ᠳᠠᠯᠳᠠ ᠬᠦᠴᠦᠨ ᠲᠠᠢ ᠠᠭᠤᠷᠬᠠᠢ ᠶᠢᠨ ᠣᠷᠣᠨ ᠢ ᠡᠷᠢᠬᠦ ᠶᠢ ᠲᠣᠭᠲᠠᠭᠠᠵᠤ᠂ ᠪᠠᠷᠠᠭᠤᠨ ᠬᠡᠰᠡᠭ ᠤᠨ ᠭᠠᠵᠠᠷ ᠣᠷᠣᠨ ᠨᠢ ᠳᠠᠭᠠᠭᠤᠯᠢ ᠣᠳᠣ ᠪᠤᠶᠤ ᠠᠭᠠᠷ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠪᠠ ᠵᠢᠷᠤᠭ ᠳᠦᠷᠰᠦ ᠶᠢ ᠠᠰᠢᠭᠯᠠᠨ ᠶᠡᠭᠡ ᠬᠡᠪᠴᠢᠶᠡᠨ ᠤ ᠭᠠᠵᠠᠷ ᠤᠨ ᠭᠠᠳᠠᠷᠭᠤ ᠶᠢᠨ ᠠᠵᠢᠭᠯᠠᠯᠲᠠ ᠬᠢᠵᠦ᠂ ᠣᠷᠣᠰᠢᠵᠤ ᠮᠡᠳᠡᠬᠦ ᠠᠭᠤᠷᠬᠠᠶᠢᠵᠢᠯ ᠤᠨ ᠪᠠᠶᠢᠳᠠᠯ ᠢ ᠡᠷᠢᠵᠦ ᠣᠯᠤᠨ᠎ᠠ︔ ᠵᠡᠭᠦᠨ ᠬᠡᠰᠡᠭ ᠵᠡᠷᠭᠡ ᠤᠷᠭᠤᠮᠠᠯ ᠤᠨ ᠬᠤᠴᠢᠯᠭ᠎ᠠ ᠪᠤᠶᠢᠵᠢᠯᠲᠠ ᠶᠢᠨ ᠭᠠᠵᠠᠷ ᠣᠷᠣᠨ ᠳᠤ ᠬᠠᠷᠢᠨ ᠶᠡᠭᠡ ᠬᠡᠪᠴᠢᠶᠡᠨ ᠤ ᠥᠯᠢᠭᠡᠷ ᠡᠳ᠋ ᠢ ᠴᠤᠭᠯᠠᠭᠤᠯᠬᠤ ᠴᠢᠬᠤᠯᠠᠲᠠᠢ ᠪᠠᠶᠢᠵᠤ᠂ ᠲᠤᠷᠰᠢᠯᠲᠠ ᠶᠢᠨ ᠲᠠᠰᠤᠭ ᠤᠨ ᠬᠢᠮᠢ ᠶᠢᠨ ᠵᠠᠳᠠᠯᠤᠯᠲᠠ ᠪᠠᠷ ᠳᠠᠮᠵᠢᠭᠤᠯᠤᠨ ᠬᠡᠷᠡᠭᠴᠡᠭᠡ ᠲᠠᠢ ᠡᠯᠧᠮᠧᠨ᠋ᠲ ᠢᠶᠠᠷ ᠬᠠᠮᠤᠭ ᠤᠨ ᠥᠨᠳᠥᠷ ᠣᠷᠣᠨ ᠢ ᠣᠯᠵᠤ ᠮᠡᠳᠡᠨ᠎ᠡ᠃ ᠳᠠᠯᠳᠠ ᠬᠦᠴᠦᠨ ᠲᠠᠢ ᠬᠦᠳᠡᠷ ᠤᠨ ᠬᠡᠪᠲᠡᠰᠢ ᠪᠠᠶᠢᠬᠤ ᠶᠢ ᠣᠯᠵᠤ ᠮᠡᠳᠡᠪᠡᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤᠬᠠᠢ ᠶᠢᠨ ᠭᠠᠵᠠᠷ  ᠲᠤ ᠨᠢ ᠪᠠᠶᠢᠴᠠᠭᠠᠯᠲᠠ ᠬᠢᠬᠦ ᠪᠠ ᠦᠯᠢᠭᠡᠷ ᠠᠪᠬᠤ — ᠰᠣᠩᠭᠤᠨ ᠲᠣᠭᠲᠠᠭᠠᠭᠰᠠᠨ ᠭᠤᠣᠯᠳᠠᠯᠭ᠎ᠠ ᠲᠠᠢ ᠣᠷᠣᠨ ᠪᠦᠰᠡ ᠶᠢᠨ ᠳᠣᠲᠣᠷ᠎ᠠ ᠴᠢᠯᠠᠭᠤᠯᠢᠭ ᠤᠨ ᠭᠤᠣᠯ ᠦᠯᠢᠭᠡᠷ ᠬᠡᠪ ᠴᠤᠭᠯᠠᠭᠤᠯᠤᠨ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠯᠲᠠ ᠬᠢᠵᠦ᠂ ᠨᠡᠩ ᠨᠠᠷᠢᠯᠢᠭ ᠬᠦᠳᠡᠷ ᠤᠨ ᠵᠠᠭᠪᠤᠷ ᠢ ᠪᠠᠶᠢᠭᠤᠯᠤᠨ᠎ᠠ᠃ ᠠᠭᠤᠷᠬᠠᠶ ᠶᠢᠨ ᠦᠢᠯᠡᠰ ᠤᠨ ᠺᠣᠮᠫᠠᠨᠢ ᠠᠭᠤᠷᠬᠠᠶ ᠬᠠᠶᠢᠬᠤ ᠡᠷᠬᠡ ᠶᠢ ᠣᠯᠤᠭᠰᠠᠨ ᠤ ᠳᠠᠷᠠᠭ᠎ᠠ᠂ ᠣᠯᠵᠤ ᠮᠡᠳᠡᠭᠰᠡᠨ ᠬᠦᠳᠡᠷ ᠤᠨ ᠬᠡᠪᠲᠡᠰᠢ ᠳᠤ ᠥᠪᠡᠷ ᠤᠨ ᠥᠷᠲᠡᠭ ᠤᠨ ᠦᠷ᠎ᠡ ᠠᠰᠢᠭ ᠤᠨ ᠵᠠᠳᠠᠯᠤᠯᠲᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠥᠰᠦᠭᠡᠯᠡᠯᠲᠡ ᠵᠡᠷᠭᠡ ᠶᠢ ᠪᠠᠭᠲᠠᠭᠠᠭᠰᠠᠨ ᠨᠡᠩ ᠣᠨᠣᠪᠴᠢᠲᠠᠶ ᠬᠠᠶᠢᠨ ᠪᠠᠶᠢᠴᠠᠭᠠᠬᠤ ᠪᠠ ᠠᠵᠤ ᠠᠬᠤᠶ ᠶᠢᠨ ᠦᠨᠡᠯᠡᠯᠲᠡ ᠬᠢᠬᠦ ᠪᠣᠯᠤᠨ᠎ᠠ᠃ ᠨᠡᠭᠡᠭᠡᠨ ᠮᠠᠯᠲᠠᠬᠤ ᠠᠴᠠ ᠡᠮᠦᠨ᠎ᠡ ᠡᠷᠬᠡᠪᠰᠢ ᠪᠦᠬᠦ ᠲᠠᠯ᠎ᠠ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠬᠦ ᠶᠢᠨ ᠬᠠᠮᠲᠤ ᠠᠭᠤᠷᠬᠠᠶ ᠮᠠᠯᠲᠠᠬᠤ ᠡᠷᠬᠡ ᠶᠢ ᠣᠯᠤᠭᠰᠠᠨ ᠤ ᠳᠠᠷᠠᠭ᠎ᠠ ᠨᠡᠭᠡᠭᠡᠯᠲᠡ ᠬᠢᠬᠦ ᠬᠡᠷᠡᠭᠲᠡᠶ᠃  ᠲᠠᠩ ᠵᠢᠤᠢ ᠰᠢᠩ ᠤᠨ ᠲᠠᠨᠢᠯᠴᠠᠭᠤᠯᠤᠭᠰᠠᠨ ᠢᠶᠠᠷ᠂ ᠨᠢᠭᠡ ᠬᠦᠳᠡᠷ ᠤᠨ ᠬᠡᠪᠲᠡᠰᠢ ᠬᠠᠮᠤᠭ ᠤᠨ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠠᠴᠠ ᠬᠠᠮᠤᠭ ᠰᠡᠭᠦᠯ ᠳᠤ ᠨᠡᠭᠡᠭᠡᠨ ᠮᠠᠯᠲᠠᠬᠤ ᠬᠦᠷᠲᠡᠯ᠎ᠡ᠂ ᠪᠠᠷᠤᠭ 10 ᠵᠢᠯ ᠠᠴᠠ 15 ᠵᠢᠯ ᠤᠨ ᠴᠠᠭ ᠬᠡᠷᠡᠭᠰᠡᠨ᠎ᠡ᠃ ︽ᠮᠠᠰᠢ ᠣᠯᠠᠨ ᠭᠠᠵᠠᠷ ᠣᠷᠣᠨ ᠳᠤ ᠨᠢᠭᠡ ᠦᠶ᠎ᠡ ᠬᠥᠮᠦᠨ᠂ ᠬᠤᠶᠠᠷ ᠦᠶ᠎ᠡ ᠶᠢᠨ ᠬᠥᠮᠦᠨ ᠴᠢᠨᠠᠭᠰᠢᠯᠠᠪᠠᠯ ᠭᠤᠷᠪᠠᠨ ᠦᠶ᠎ᠡ ᠶᠢᠨ ᠬᠥᠮᠦᠨ ᠤ ᠴᠢᠷᠮᠠᠶᠢᠯᠭ᠎ᠠ ᠶᠢ ᠥᠩᠭᠡᠷᠡᠭᠦᠯᠪᠡᠯ ᠰᠠᠶ᠋ᠢ ᠠᠭᠤᠷᠬᠠᠶ ᠶᠢ ᠡᠷᠢᠨ ᠭᠠᠷᠭᠠᠵᠤ᠂ ᠬᠠᠮᠤᠭ ᠰᠡᠭᠦᠯ ᠳᠤ ᠠᠵᠤ ᠠᠬᠤᠶᠢᠯᠠᠯ ᠳᠤ ᠨᠡᠭᠡᠭᠡᠨ ᠬᠥᠭᠵᠢᠭᠦᠯᠵᠦ ᠪᠣᠯᠤᠨ᠎ᠠ︾ ᠭᠡᠵᠡᠢ᠃  ᠬᠡᠳᠦᠨ ᠠᠷᠪᠠᠨ ᠵᠢᠯ ᠤᠨ ᠦᠷᠭᠦᠯᠵᠢᠯᠡᠭᠰᠡᠨ ᠮᠡᠷᠭᠡᠵᠢᠯ ᠤᠨ ᠪᠣᠭᠤᠮᠲᠠ ᠰᠢᠪᠲᠤᠯᠬᠤ ᠪᠠᠷ ᠳᠠᠮᠵᠢᠭᠠᠳ᠂ ᠮᠠᠨ ᠤ ᠤᠯᠤᠰ ᠤᠨ ᠳᠡᠯᠡᠬᠡᠶ ᠶᠢᠨ ᠪᠥᠮᠪᠥᠷᠴᠡᠭ ᠤᠨ ᠹᠢᠽᠢᠺ ᠤᠨ ᠬᠠᠶᠢᠨ ᠪᠠᠶᠢᠴᠠᠭᠠᠯᠲᠠ ᠶᠢᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠰᠤᠳᠤᠯᠤᠨ ᠨᠡᠭᠡᠭᠡᠯᠲᠡ ᠨᠢ ᠤᠯᠤᠰ ᠤᠨ ᠭᠠᠳᠠᠭᠠᠳᠤ ᠶᠢᠨ ᠪᠢᠲᠡᠭᠦᠮᠵᠢᠯᠡᠯ ᠪᠠ ᠭᠠᠭᠴᠠᠭᠠᠷ ᠡᠵᠡᠮᠰᠢᠯ ᠢ ᠳᠠᠪᠠᠵᠤ᠂ ᠠᠯᠢ ᠣᠯᠠᠨ ᠪᠡᠶ᠎ᠡ ᠪᠠᠨ ᠳᠠᠭᠠᠭᠠᠭᠰᠠᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ᠂ ᠪᠥᠬᠦ ᠣᠷᠣᠨ ᠪᠦᠰᠡ᠂ ᠣᠯᠠᠨ ᠪᠠᠷᠢᠮᠵᠢᠶ᠎ᠠ᠂ ᠳᠡᠭᠡᠳᠦ ᠨᠠᠷᠢᠯᠢᠭ ᠶᠡᠷᠦᠩᠬᠡᠶᠢᠯᠡᠭᠰᠡᠨ ᠬᠠᠶᠢᠨ ᠪᠠᠶᠢᠴᠠᠭᠠᠬᠤ ᠴᠢᠳᠠᠪᠤᠷᠢ ᠶᠢ ᠠᠩᠬ᠎ᠠ ᠠᠯᠬᠤᠮ ᠪᠦᠷᠢᠯᠳᠦᠭᠦᠯᠪᠡ᠃ ᠢᠯᠠᠩᠭᠤᠶ᠎ᠠ ᠪᠠᠭ᠎ᠠ ᠬᠡᠯᠪᠡᠷᠢ ᠶᠢᠨ ᠬᠥᠩᠭᠡᠨ ᠬᠡᠯᠪᠡᠷᠢ ᠶᠢᠨ ᠲᠥᠬᠦᠭᠡᠷᠦᠮᠵᠢ ᠶᠢ ᠨᠥᠬᠦᠴᠡᠯ ᠪᠡᠷᠬᠡ ᠬᠠᠲᠠᠭᠤᠵᠢᠯᠲᠠᠶ ᠭᠠᠵᠠᠷ ᠣᠷᠣᠨ ᠳᠤ ᠣᠨᠣᠪᠴᠢᠲᠠᠶ ᠬᠠᠶᠢᠨ ᠰᠢᠨᠵᠢᠯᠡᠯᠲᠡ ᠬᠢᠵᠦ᠂ ᠥᠩᠭᠡᠷᠡᠭᠰᠡᠨ ᠳᠤ ᠥᠨᠳᠥᠷ ᠳᠠᠯᠠᠶ ᠶᠢᠨ ᠲᠦᠪᠰᠢᠨ ᠠᠴᠠ ᠳᠡᠭᠡᠭᠰᠢ ᠭᠠᠵᠠᠷ ᠣᠷᠣᠨ ᠳᠤ ︽ᠬᠥᠮᠦᠨ ᠨᠢ ᠳᠡᠭᠡᠭᠰᠢ ᠭᠠᠷᠴᠦ ᠳᠡᠶᠢᠯᠬᠦ ᠦᠭᠡᠢ ᠪᠣᠯ᠂ ᠲᠣᠨᠤᠭ ᠲᠥᠬᠦᠭᠡᠷᠦᠮᠵᠢ ᠨᠢ ᠪᠠᠰᠠ ᠳᠡᠭᠡᠭᠰᠢ ᠭᠠᠷᠴᠦ ᠳᠡᠶᠢᠯᠬᠦ ᠦᠭᠡᠢ︾ ᠪᠠᠶᠢᠭᠰᠠᠨ ᠬᠦᠴᠢᠷ ᠠᠰᠠᠭᠤᠳᠠᠯ ᠢ ᠰᠢᠢᠳᠪᠦᠷᠢᠯᠡᠪᠡ᠃  ᠡᠭᠦᠨ ᠠᠴᠠ ᠭᠠᠳᠠᠨ᠎ᠠ᠂ ᠮᠠᠨ ᠤ ᠤᠯᠤᠰ ᠠᠯᠤᠰ ᠰᠡᠷᠡᠯ ᠤᠨ ᠮᠡᠷᠭᠡᠵᠢᠯ᠂ ᠳᠠᠭᠠᠭᠤᠯᠢ ᠣᠳᠣᠨ ᠤ ᠬᠢᠨᠠᠨ ᠬᠡᠮᠵᠢᠯᠲᠡ ᠪᠠ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠠᠯ᠎ᠠ ᠪᠠᠷ ᠬᠢ ᠢᠯᠡᠳᠲᠡ ᠠᠬᠢᠴᠠ ᠲᠠᠢ᠂ ᠡᠬᠢ ᠪᠠᠶᠠᠯᠢᠭ ᠢᠶᠠᠷ ᠠᠭᠤᠷᠬᠠᠢ ᠡᠷᠢᠬᠦ ᠳᠤ ᠴᠢᠩᠭ᠎ᠠ ᠬᠦᠴᠦᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ 
ᠢᠷᠡᠯᠲᠡ᠄ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠰᠣᠨᠢᠨ