2 ᠳ᠋ᠤᠭᠠᠷ ᠰᠠᠷ᠎ᠠ ᠶᠢᠨ 19 ᠤ ᠡᠳᠦᠷ᠂ ᠬᠥᠬᠡᠬᠤᠲᠠ ᠠᠴᠠ ᠪᠡᠭᠡᠵᠢᠩ ᠵᠦᠭ ᠮᠣᠷᠳᠠᠭᠰᠠᠨ G2462 | ᠤᠳᠠᠭ᠎ᠠ ᠶᠢᠨ ᠳᠡᠭᠡᠳᠦ ᠬᠤᠷᠳᠤ ᠶᠢᠨ ᠲᠡᠮᠦᠷ ᠵᠠᠮ ᠳᠡᠭᠡᠷ᠎ᠡ᠂ ︽ᠤᠮᠠᠷᠠᠲᠤ ᠬᠢᠯᠢ ᠶᠢᠨ ᠪᠠᠶᠢᠭᠠᠯᠢ ᠶᠢᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠵᠦ ᠪᠡᠭᠡᠵᠢᠩ ᠳᠤ ᠣᠷᠣᠬᠤ︾ ᠬᠢᠴᠢᠶᠡᠯ ᠤᠨ ᠲᠠᠩᠬᠢᠮ ᠶᠠᠭ ᠶᠠᠪᠤᠭᠳᠠᠵᠤ ᠪᠠᠶᠢᠨ᠎ᠠ᠃ ᠰᠢᠨᠬᠤᠸᠠ | ᠰᠦᠯᠵᠢᠶ᠎ᠡ ᠰᠢᠤᠢ ᠬᠤᠩ ᠮᠧᠶ ᠰᠡᠭᠦᠳᠡᠷᠯᠡᠪᠡ | ᠰᠢᠨᠬᠤᠸᠠ ᠰᠦᠯᠵᠢᠶ᠎ᠡ ᠶᠢᠨ ᠬᠥᠬᠡᠬᠤᠲᠠ ᠶᠢᠨ 2 ᠳ᠋ᠤᠭᠠᠷ ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ︵ | ᠰᠢᠤᠢ ᠬᠤᠩ ᠮᠧᠢ︶ ᠳᠡᠭᠡᠳᠦ ᠬᠤᠷᠳᠤ ᠶᠢᠨ ᠲᠡᠮᠦᠷ ᠵᠠᠮ ᠤᠨ ᠲᠡᠷᠭᠡ ︽ᠰᠢᠯᠵᠢᠮᠡᠯ ᠮᠦᠽᠧᠢ︾ ᠪᠣᠯᠵᠤ᠂ | ᠬᠤᠳᠠᠯᠳᠤᠭᠠᠨ ᠤ ᠲᠠᠯᠠᠪᠤᠷ ᠤᠨ ᠳᠤᠮᠳᠠ ᠲᠢᠩᠬᠢᠮ ᠳᠤ ᠲᠡᠦᠬᠡᠨ ᠠᠴᠠ ᠡᠮᠦᠨᠡᠬᠢ ᠠᠪᠤᠷᠭᠤ ᠯᠣᠣ ᠲᠠᠢ ᠤᠴᠠᠷᠠᠬᠤ ᠳᠤ᠂ | ᠮᠢᠩᠭᠠᠨ ᠭᠠᠵᠠᠷ ᠢ ᠠᠯᠤᠰᠯᠠᠭᠰᠠᠨ ᠠᠶᠠᠨᠳᠠᠭᠠᠨ ᠤ ᠶᠠᠷᠢᠯᠴᠠᠭ᠎ᠠ ᠪᠡᠭᠡᠵᠢᠩ ᠳᠤ ᠶᠠᠪᠤᠭᠳᠠᠪᠠ᠃ 2 ᠳ᠋ᠤᠭᠠᠷ ᠰᠠᠷ᠎ᠠ ᠶᠢᠨ 19 ᠤ | ᠡᠳᠦᠷ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠲᠠᠯ᠎ᠠ ᠨᠤᠲᠤᠭ ᠤᠨ ᠠᠷᠠᠳ ᠲᠦᠮᠡᠨ ᠢ ᠳᠠᠭᠠᠭᠤᠯᠤᠨ ︽ | ᠬᠦᠷᠢᠶᠡᠨ ᠠᠴᠠ ᠭᠠᠷᠴᠤ︾᠂ ᠪᠡᠭᠡᠵᠢᠩ ᠤᠨ ᠥᠨᠳᠥᠷ ᠬᠤᠷᠳᠤᠴᠠᠲᠤ ᠲᠡᠮᠦᠷ ᠵᠠᠮ ᠪᠣᠯᠤᠨ ᠬᠤᠳᠠᠯᠳᠤᠭᠠᠨ ᠤ | ᠲᠣᠭᠤᠷᠢᠭ ᠲᠤ ᠰᠢᠨ᠎ᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠯᠬᠢᠨ ᠪᠣᠯᠵᠠᠢ᠃ | ᠬᠥᠬᠡᠬᠤᠲᠠ ᠠᠴᠠ ᠪᠡᠭᠡᠵᠢᠩ ᠤᠨ G2462 ᠳ᠋ᠤᠭᠠᠷ ᠤᠳᠠᠭ᠎ᠠ ᠶᠢᠨ ᠳᠡᠭᠡᠳᠦ ᠬᠤᠷᠳᠤ ᠶᠢᠨ ᠲᠡᠮᠦᠷ ᠵᠠᠮ ᠳᠡᠭᠡᠷ᠎ᠡ | ᠠᠶᠠᠯᠠᠵᠤ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ᠲᠠᠶᠢᠯᠪᠤᠷᠢᠯᠠᠭᠴᠢ ᠪᠠ ︽ᠪᠢᠴᠢᠬᠠᠨ ᠲᠠᠶᠢᠯᠪᠤᠷᠢᠯᠠᠭᠴᠢ︾ | ᠠᠶᠠᠨᠴᠢᠳ ᠲᠤ ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢ ᠲᠠᠨᠢᠯᠴᠠᠭᠤᠯᠵᠤ᠂ ᠪᠠᠯᠭᠠᠰᠤᠨ ᠤ ᠣᠷᠳᠣᠨ ᠤ ᠡᠷᠳᠡᠨᠢ | — ᠪᠦᠷᠢᠨ ᠲᠡᠭᠦᠯᠳᠡᠷ ᠪᠠᠶᠠᠨᠨᠠᠭᠤᠷ ᠯᠤᠤ ᠵᠢᠴᠢ ᠬᠠᠶᠢᠯᠤᠭᠤᠷ ᠵᠣᠩᠰᠢ᠂ ᠮᠣᠩᠭᠤᠯ ᠬᠡᠭᠡᠷ᠎ᠡ ᠶᠢᠨ ᠡᠯᠵᠢᠭᠡ᠂ ᠴᠠᠰᠤᠲᠤ | ᠢᠷᠪᠢᠰ ᠵᠡᠷᠭᠡ ᠮᠦᠽᠧᠶ ᠳᠤ ᠬᠠᠳᠠᠭᠠᠯᠠᠵᠤ ᠪᠠᠶᠢᠭ᠎ᠠ ᠲᠥᠯᠥᠭᠡᠯᠡᠬᠦ ᠴᠢᠨᠠᠷᠲᠠᠶ ᠬᠡᠪ ᠵᠠᠭᠪᠤᠷ ᠢ ᠲᠠᠶᠢᠯᠪᠤᠷᠢᠯᠠᠵᠤ᠂ ᠵᠣᠬᠢᠶᠠᠨ | ᠪᠠᠶᠢᠭᠤᠯᠤᠯᠲᠠ ᠶᠢᠨ ︽ᠬᠠᠷᠢᠯᠴᠠᠨ ᠦᠢᠯᠡᠳᠦᠯᠴᠡᠬᠦ ᠠᠰᠠᠭᠤᠯᠲᠠ ᠬᠠᠷᠢᠭᠤᠯᠲᠠ︾᠂ ︽ᠤᠷᠠᠨ ᠭᠠᠷ ᠢᠶᠠᠷ ᠵᠦᠰᠦᠨ | ᠪᠠᠶᠠᠰᠬᠠᠬᠤ︾᠂ ︽ᠵᠢᠷᠤᠭ ᠢ ᠦᠵᠡᠵᠦ ᠪᠠᠶᠢᠭᠠᠯᠢ ᠶᠢ ᠶᠠᠷᠢᠬᠤ︾ ᠵᠡᠷᠭᠡ ᠬᠠᠷᠢᠯᠴᠠᠨ ᠦᠢᠯᠡᠳᠦᠯᠴᠡᠬᠦ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠠᠶᠠᠨᠴᠢᠳ ᠲᠤ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠦᠢᠮᠣ ᠪᠠᠶᠢᠳᠠᠯ ᠪᠠ | ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢ ᠭᠦᠨᠵᠡᠭᠡᠶ ᠣᠶᠢᠯᠠᠭᠠᠭᠤᠯᠪᠠ᠃ | ᠪᠡᠭᠡᠵᠢᠩ ᠤᠨ ᠺᠠᠢ ᠳ᠋ᠧ MALL ᠬᠤᠳᠠᠯᠳᠤᠭᠠᠨ ᠤ ᠲᠠᠯᠠᠪᠠᠢ ᠳᠤ᠂ ᠥᠪᠥᠷ ᠮᠣᠩᠭᠤᠯ ᠤᠨ ᠪᠠᠶᠢᠭᠠᠯᠢ ᠶᠢᠨ | ᠮᠦᠽᠧᠢ ᠳᠤ ᠲᠦᠷ ᠴᠠᠭ ᠤᠨ ᠳᠡᠯᠭᠡᠨ ᠦᠵᠡᠭᠦᠯᠬᠦ ᠲᠣᠭᠤᠷᠢᠭ ᠭᠠᠷᠭᠠᠵᠤ᠂ ᠥᠪᠥᠷ ᠮᠣᠩᠭᠤᠯ ᠤᠨ ᠪᠠᠶᠢᠭᠠᠯᠢ ᠶᠢᠨ | ᠮᠦᠽᠧᠢ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ︽ᠲᠡᠭᠦᠰ ᠰᠠᠶᠢᠬᠠᠨ ᠪᠠᠶᠠᠨᠨᠠᠭᠤᠷ | ᠯᠤᠤ︾ ᠨᠢ ᠪᠡᠭᠡᠵᠢᠩ ᠬᠤᠲᠠ ᠶᠢᠨ ᠠᠷᠠᠳ ᠤᠨ ᠨᠢᠳᠦᠨ ᠡᠮᠦᠨ᠎ᠡ ᠢᠯᠡᠷᠡᠪᠡ᠃ ︽ᠬᠠᠷᠢᠯᠴᠠᠨ ᠦᠢᠯᠡᠳᠦᠯᠴᠡᠬᠦ ᠠᠰᠠᠭᠤᠯᠲᠠ | ᠬᠠᠷᠢᠭᠤᠯᠲᠠ︾᠂ ︽ᠰᠣᠶᠣᠯ ᠤᠨ ᠰᠢᠨ᠎ᠡ ᠡᠭᠦᠳᠦᠯᠲᠡ ᠶᠢ ᠠᠩᠬᠠᠷᠬᠤ︾ ᠵᠡᠷᠭᠡ ᠬᠠᠷᠢᠯᠴᠠᠨ ᠬᠥᠳᠡᠯᠦᠯᠴᠡᠬᠦ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠮᠠᠰᠢ ᠣᠯᠠᠨ ᠬᠤᠲᠠ ᠶᠢᠨ ᠠᠷᠠᠳ ᠤᠨ ᠠᠩᠬᠠᠷᠤᠯ ᠢ ᠲᠠᠲᠠᠪᠠ᠃ | ᠣᠶᠢᠷ᠎ᠠ ᠶᠢᠨ ᠵᠢᠯ ᠤᠳ ᠲᠤ᠂ ︽ᠮᠦᠽᠧᠶ ᠶᠢᠨ ᠬᠠᠯᠠᠭᠤᠷᠠᠯ︾ ᠦᠷᠭᠦᠯᠵᠢᠯᠡᠨ ᠳᠡᠭᠡᠭᠰᠢᠯᠡᠬᠦ ᠶᠢ ᠳᠠᠭᠠᠯᠳᠤᠨ᠂ | ᠮᠦᠽᠧᠶ ᠲᠣᠭᠤᠷᠢᠬᠤ ᠨᠢ ᠨᠢᠭᠡᠨᠲᠡ ᠣᠯᠠᠨ ᠲᠦᠮᠡᠨ ᠤ ᠪᠠᠭ᠋ᠠᠷᠬᠠᠬᠤ ᠠᠮᠢᠳᠤᠷᠠᠯ ᠤᠨ ᠠᠷᠭ᠎ᠠ ᠮᠠᠶ᠋ᠢᠭ ᠪᠣᠯᠤᠭᠰᠠᠨ ᠪᠠᠶᠢᠨ᠎ᠠ᠃ | ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠨᠢ ᠳᠡᠯᠭᠡᠨ ᠦᠵᠡᠭᠦᠯᠬᠦ ᠠᠭᠤᠯᠭ᠎ᠠ ᠪᠠᠨ ᠲᠠᠰᠤᠷᠠᠯᠲᠠ ᠦᠭᠡᠢ | ᠪᠠᠶᠠᠯᠢᠭᠵᠢᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠵᠠᠭᠪᠤᠷ ᠤᠨ ᠰᠢᠨ᠎ᠡ ᠶᠢ ᠡᠭᠦᠳᠬᠦ ᠶᠢᠨ | ᠬᠠᠮᠲᠤ ︽ᠮᠦᠽᠧᠶ︾ ᠠᠴᠠ ᠭᠠᠷᠴᠤ᠂ ᠮᠦᠽᠧᠶ ᠶᠢᠨ ᠣᠯᠠᠨ ᠡᠰᠢᠲᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠠᠶᠢᠨ | ᠰᠦᠪᠡᠭᠴᠢᠯᠡᠪᠡ᠃ | | | | | | 2 ᠳ᠋ᠤᠭᠠᠷ ᠰᠠᠷ᠎ᠠ ᠶᠢᠨ 19 ᠤ ᠡᠳᠦᠷ᠂ G2462 ᠤᠳᠠᠭ᠎ᠠ ᠶᠢᠨ ᠳᠡᠭᠡᠳᠦ ᠬᠤᠷᠲᠦ ᠶᠢᠨ ᠲᠡᠮᠦᠷ ᠵᠠᠮ ᠳᠡᠭᠡᠷ᠎ᠡ ︽ | ᠤᠮᠠᠷᠠᠲᠤ ᠬᠢᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ ᠪᠡᠭᠡᠵᠢᠩ ᠳᠤ ᠣᠷᠣᠬᠤ︾ ᠠᠵᠢᠯᠯᠠᠭ᠎ᠠ | ᠳᠤᠮᠳᠠ᠂ ᠲᠠᠶᠢᠯᠪᠤᠷᠢᠯᠠᠭᠴᠢ ᠶᠠᠭ ᠰᠠᠶᠢᠬᠠᠨ ᠪᠠᠶᠠᠨᠨᠠᠭᠤᠷ ᠢ ᠲᠠᠨᠢᠯᠴᠠᠭᠤᠯᠵᠤ ᠪᠠᠶᠢᠨ᠎ᠠ᠃ ᠰᠢᠨᠬᠤᠸᠠ ᠰᠦᠯᠵᠢᠶ᠎ᠡ ᠰᠢᠤᠢ | ᠬᠤᠩ ᠮᠧᠶ ᠰᠡᠭᠦᠳᠡᠷᠯᠡᠪᠡ | | | | | | 2 ᠳ᠋ᠤᠭᠠᠷ ᠰᠠᠷ᠎ᠠ ᠶᠢᠨ 19 ᠤ ᠡᠳᠦᠷ᠂ G2462 ᠤᠳᠠᠭ᠎ᠠ ᠶᠢᠨ ᠳᠡᠭᠡᠳᠦ ᠬᠤᠷᠲᠦ ᠶᠢᠨ ᠲᠡᠮᠦᠷ ᠵᠠᠮ ᠳᠡᠭᠡᠷ᠎ᠡ᠂ | ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ︽ᠪᠢᠴᠢᠬᠠᠨ ᠲᠠᠶᠢᠯᠪᠤᠷᠢᠯᠠᠭᠴᠢ︾ ᠶᠠᠭ ᠠᠶᠠᠨᠴᠢᠳ ᠲᠠᠢ ᠬᠠᠷᠢᠯᠴᠠᠵᠤ | ᠪᠠᠶᠢᠨ᠎ᠠ᠃ ᠰᠢᠨᠬᠤᠸᠠ ᠰᠦᠯᠵᠢᠶ᠎ᠡ ᠰᠢᠤᠢ ᠬᠤᠩ ᠮᠧᠶ ᠰᠡᠭᠦᠳᠡᠷᠯᠡᠪᠡ | | | | | | 2 ᠳ᠋ᠤᠭᠠᠷ ᠰᠠᠷ᠎ᠠ ᠶᠢᠨ 19 ᠤ ᠡᠳᠦᠷ᠂ G2462 ᠤᠳᠠᠭ᠎ᠠ ᠶᠢᠨ ᠳᠡᠭᠡᠳᠦ ᠬᠤᠷᠲᠦ ᠶᠢᠨ ᠲᠡᠮᠦᠷ ᠵᠠᠮ ᠳᠡᠭᠡᠷ᠎ᠡ᠂ | ᠥᠪᠥᠷ ᠮᠣᠩᠭᠤᠯ ᠤᠨ ᠪᠠᠶᠢᠭᠠᠯᠢ ᠶᠢᠨ ᠮᠦᠽᠧᠶ ᠶᠢᠨ ᠲᠠᠶᠢᠯᠪᠤᠷᠢᠯᠠᠭᠴᠢ ᠡᠪᠡᠳᠴᠢᠲᠡᠨ ᠳᠤ ᠥᠪᠥᠷ ᠮᠣᠩᠭᠤᠯ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠠᠶᠢᠯᠪᠤᠷᠢᠯᠠᠨ ᠥᠭᠴᠦ ᠪᠠᠶᠢᠨ᠎ᠠ᠃ ᠰᠢᠨᠬᠤᠸᠠ | ᠰᠦᠯᠵᠢᠶ᠎ᠡ ᠰᠢᠤᠢ ᠬᠤᠩ ᠮᠧᠶ ᠰᠡᠭᠦᠳᠡᠷᠯᠡᠪᠡ | | | | | | 2 ᠳ᠋ᠤᠭᠠᠷ ᠰᠠᠷ᠎ᠠ ᠶᠢᠨ 19 ᠤ ᠡᠳᠦᠷ᠂ ᠠᠶᠠᠨᠴᠢᠳ ᠶᠠᠭ G2462 ᠤᠳᠠᠭ᠎ᠠ ᠶᠢᠨ ᠳᠡᠭᠡᠳᠦ ᠬᠤᠷᠲᠦ ᠶᠢᠨ ᠲᠡᠮᠦᠷ | ᠵᠠᠮ ᠳᠡᠭᠡᠷ᠎ᠡ ᠪᠠᠶᠢᠭᠠᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠳᠤ ᠤᠷ᠎ᠠ ᠠᠪᠢᠶᠠᠰ ᠢᠶᠠᠨ | ᠠᠳᠠᠯᠢᠳᠬᠠᠨ ᠨᠠᠶᠢᠷᠠᠭᠤᠯᠬᠤ ᠠᠵᠢᠯᠯᠠᠭ᠎ᠠ ᠳᠤ ᠣᠷᠣᠯᠴᠠᠵᠤ ᠪᠠᠶᠢᠨ᠎ᠠ᠃ ᠰᠢᠨᠬᠤᠸᠠ ᠰᠦᠯᠵᠢᠶ᠎ᠡ ᠰᠢᠤᠢ ᠬᠤᠩ ᠮᠧᠶ | ᠰᠡᠭᠦᠳᠡᠷᠯᠡᠪᠡ | | | | | | 2 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠠᠴᠠ ᠢᠷᠡᠭᠰᠡᠨ ︽ | ᠪᠢᠴᠢᠬᠠᠨ ᠲᠠᠶᠢᠯᠪᠤᠷᠢᠯᠠᠭᠴᠢ︾ ᠪᠡᠭᠡᠵᠢᠩ ᠤᠨ ᠺᠠᠢ ᠳ᠋ᠧ MALL ᠬᠤᠳᠠᠯᠳᠤᠭᠠᠨ ᠤ ᠲᠠᠯᠠᠪᠠᠢ ᠳᠤ ︽ᠲᠡᠭᠦᠰ ᠰᠠᠶᠢᠬᠠᠨ | ᠪᠠᠶᠠᠨᠨᠠᠭᠤᠷ ᠯᠤᠤ︾ ᠤ ᠨᠣᠣᠯᠣᠭᠤᠷ ᠤᠨ ᠰᠣᠶᠣᠯ ᠤᠨ ᠡᠭᠦᠳᠦᠯᠲᠡ ᠶᠢ ᠳᠡᠯᠭᠡᠨ ᠦᠵᠡᠭᠦᠯᠪᠡ᠃ ᠰᠢᠨᠬᠤᠸᠠ ᠰᠦᠯᠵᠢᠶ᠎ᠠ | ᠰᠢᠤᠢ ᠬᠤᠩ ᠮᠧᠶ ᠰᠡᠭᠦᠳᠡᠷᠯᠡᠪᠡ | | | | | | 2 ᠳ᠋ᠤᠭᠠᠷ ᠰᠠᠷ᠎ᠠ ᠶᠢᠨ 19 ᠤ ᠡᠳᠦᠷ᠂ ᠨᠢᠭᠡᠨ ᠪᠡᠭᠡᠵᠢᠩ ᠬᠤᠳᠠ ᠶᠢᠨ ᠠᠷᠠᠳ ᠪᠡᠭᠡᠵᠢᠩ ᠤᠨ ᠺᠠᠢ ᠳ᠋ᠧ MALL | ᠬᠤᠳᠠᠯᠳᠤᠭᠠᠨ ᠤ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠳᠤ ᠣᠷᠣᠯᠴᠠᠪᠠ᠃ ᠰᠢᠨᠬᠤᠸᠠ ᠰᠦᠯᠵᠢᠶ᠎ᠡ ᠰᠢᠤᠢ ᠬᠤᠩ ᠮᠧᠶ | ᠰᠡᠭᠦᠳᠡᠷᠯᠡᠪᠡ | |