ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/3/21
  ︽ᠦᠬᠠᠶ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠭᠤᠷᠬᠠᠶ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠪᠣᠬᠢᠷᠲᠤᠯ ᠥᠬᠡᠶ ᠬᠥᠭᠵᠢᠭᠦᠯᠬᠦ ᠠᠯᠬᠤᠴᠠ ᠶᠢ ᠲᠦᠷᠭᠡᠳᠬᠡᠬᠦ ᠶᠢᠨ ᠲᠥᠯᠥᠭᠡ᠂ 3 ᠳ᠋ᠤᠭᠠᠷ ᠰᠠᠷ᠎ᠠ ᠶᠢᠨ 21 ᠤ ᠡᠳᠦᠷ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠨᠠᠮ ᠤᠨ ᠭᠡᠰᠢᠭᠦᠨ ᠤ ᠪᠣᠭᠤᠮᠲᠠ ᠰᠢᠪᠲᠤᠯᠬᠤ ᠠᠩᠭᠢ︾ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠡᠨᠧᠷᠭᠢ᠂ ᠠᠮᠢ ᠠᠬᠤᠶ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠠᠶᠢᠨᠠᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠥᠪᠡᠷ ᠢ ᠪᠠᠨ ᠦᠨᠡᠯᠡᠨ ᠵᠢᠱᠢᠬᠦ ᠬᠠᠶᠢᠷᠤᠪ ᠤᠨ ᠲᠣᠬᠤᠢ ᠶᠢᠨ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠠᠳᠠᠭᠠᠶ ᠨᠡᠭᠦᠷᠡᠰᠦᠨ ᠠᠭᠤᠷᠬᠠᠶ᠂ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠣᠣ ᠱᠢ ᠳ᠋ᠠᠨ ᠨᠡᠭᠦᠷᠡᠰᠦᠨ ᠠᠭᠤᠷᠬᠠᠶ ᠳᠤ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠪᠡ᠃  ᠬᠠᠷᠭᠤᠭᠤᠯᠤᠨ ᠪᠠᠶᠢᠴᠠᠭᠠᠬᠤ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠨ ᠠᠵᠢᠯᠲᠠᠳ ᠡᠭᠦᠷᠭᠡ ᠬᠠᠷᠢᠭᠤᠴᠠᠯᠭ᠎ᠠ ᠡᠭᠦᠷᠭᠡ ᠴᠢᠳᠠᠪᠤᠷᠢ ᠪᠠᠨ ᠴᠢᠩᠭ᠎ᠠ  ᠵᠢᠷᠤᠮᠯᠠᠨ᠂ ᠦᠨᠡᠯᠡᠬᠦ ᠭᠦᠢᠴᠡᠳᠬᠡᠯ ᠲᠤᠭ᠎ᠠ ᠲᠠᠢ ᠬᠠᠷᠢᠴᠠᠭᠤᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ᠂ ᠡᠬᠢ ᠪᠠᠶᠠᠯᠢᠭ ᠢ ᠨᠡᠭᠡᠭᠡᠨ ᠮᠠᠯᠲᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠢᠷᠤᠮᠵᠢᠭᠤᠯᠤᠨ ᠬᠠᠮᠢᠶᠠᠷᠬᠤ ᠵᠡᠷᠭᠡ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠢᠷᠭᠤᠭᠠᠨ ᠵᠦᠢᠯ ᠤᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠲᠣᠭᠤᠷᠢᠨ ᠳᠤ᠂ ᠭᠤᠣᠯᠳᠠᠭᠤ ᠠᠵᠤ ᠠᠬᠤᠶᠢᠯᠠᠯ ᠤᠨ ᠥᠪᠡᠷ ᠢᠶᠠᠨ ᠦᠨᠡᠯᠡᠨ ᠵᠢᠱᠢᠭᠰᠡᠨ ᠪᠠᠶᠢᠳᠠᠯ ᠳᠤ ᠪᠦᠬᠦ ᠲᠠᠯ᠎ᠠ ᠪᠠᠷ ᠨᠠᠷᠢᠨ ᠨᠢᠭᠲᠠ ᠬᠢᠨᠠᠨ ᠪᠠᠶᠢᠴᠠᠭᠠᠬᠤ ᠶᠢᠨ ᠬᠠᠮᠲᠤ ᠵᠢᠯᠣᠭᠤᠳᠬᠤ ᠰᠠᠨᠠᠯ ᠳᠤᠷᠠᠳᠪᠠ᠃  ᠲᠣᠰ ᠤᠳᠠᠭᠠᠨ ᠤ ᠬᠢᠨᠠᠨ ᠪᠠᠶᠢᠴᠠᠭᠠᠬᠤ ᠠᠵᠢᠯ ᠪᠣᠯ ᠦᠬᠠᠶ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠤᠬᠠᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠮᠥᠨ᠂ ᠡᠨᠡ ᠨᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠠᠢ ᠴᠢᠩᠭ᠎ᠠ ᠬᠠᠷᠭᠤᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠪᠥᠬᠦ ᠬᠤᠲᠠ ᠶᠢᠨ ᠠᠭᠤᠷᠬᠠᠶ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠪᠣᠬᠢᠷᠲᠤᠯ ᠥᠬᠡᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠢᠨ ᠲᠥᠯᠥᠭᠡ ᠶᠤᠮ᠃ 
ᠢᠷᠡᠯᠲᠡ᠄ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ