ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠣᠯᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2025/3/21
  ᠶᠤᠸᠠᠨ ᠪᠦᠦ ᠱᠠᠨ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠥᠨᠳᠥᠷ ᠪᠦᠲᠦᠮᠵᠢᠲᠡᠶ ᠬᠦᠴᠦᠨ ᠨᠡᠮᠡᠷᠢᠯᠡᠵᠦ᠂ ᠭᠠᠵᠠᠷ ᠰᠢᠷᠣᠶ ᠶᠢᠨ ᠴᠢᠬᠤᠯᠠ ᠡᠯᠧᠮᠧᠨ᠋ᠲ ᠤᠨ ᠨᠠᠷᠢᠯᠢᠭ ᠣᠨᠣᠴᠠᠲᠠᠶ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠥᠬᠦ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ ᠰᠢᠷᠣᠶ ᠶᠢᠨ ᠬᠠᠩᠭᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ︽ᠰᠠᠶᠢᠨ ᠡᠬᠢᠯᠡᠯᠲᠡ︾ ᠶᠢ ᠪᠥᠬᠦ ᠬᠦᠴᠦᠨ ᠢᠶᠠᠷ ᠢᠶᠠᠨ ᠰᠢᠪᠲᠤᠯᠤᠨ᠎ᠠ᠃  ᠤᠷᠢᠳᠴᠢᠯᠠᠨ ᠲᠥᠯᠥᠪᠯᠡᠵᠦ᠂ ᠴᠢᠬᠤᠯᠠ ᠡᠯᠧᠮᠧᠨ᠋ᠲ ᠢ ᠰᠠᠶᠢᠲᠤᠷ ᠲᠠᠯᠪᠢᠵᠤ ︽ᠤᠷᠢᠳᠠᠪᠠᠷ ᠰᠢᠲᠠᠷ᠎ᠠ ᠲᠠᠯᠪᠢᠬᠤ︾ ᠶᠢ ᠪᠠᠲᠤᠯᠠᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠭᠤᠤᠯ ᠱᠤᠭᠤᠮ ᠢ ᠴᠢᠩᠭ᠎ᠠ ᠠᠩᠬᠠᠷᠴᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤ ᠳᠤ ᠲᠦᠰᠢᠭᠯᠡᠨ᠂ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠤᠷᠢᠳᠴᠢᠯᠠᠨ ᠥᠷᠨᠢᠭᠦᠯᠵᠦ᠂ ᠲᠥᠷᠥᠯ ᠵᠦᠢᠯ ᠤᠨ ᠠᠵᠢᠯ ᠡᠬᠢᠯᠡᠭᠦᠯᠬᠦ ᠴᠠᠭ ᠤᠨ ᠳᠠᠷᠠᠭᠠᠯᠠᠯ ᠤᠨ ︽ᠨᠢᠭᠡᠳᠦᠭᠡᠷ ᠭᠠᠷ ᠤᠨ ᠮᠡᠳᠡᠭᠡ ᠵᠠᠩᠭᠢ︾ ᠶᠢ ᠡᠵᠡᠮᠰᠢᠨ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠭᠠᠵᠠᠷ ᠬᠡᠷᠡᠭᠯᠡᠬᠦ ᠪᠠᠲᠤᠯᠠᠭ᠎ᠠ ᠶᠢ ᠡᠮᠬᠢ ᠵᠢᠷᠤᠮ ᠲᠠᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃  ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ︽ᠳᠠᠭᠠᠭᠠᠴᠢᠯᠠᠭᠴᠢ︾ ᠶᠢ ᠰᠠᠶᠢᠲᠤᠷ ᠬᠢᠨ᠎ᠡ᠃ ᠲᠣᠪᠴᠢᠶ᠎ᠠ ᠶᠢᠨ ᠤᠳᠤᠷᠢᠳᠬᠤ ᠪᠠᠭ ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠢ ᠬᠢᠨᠠᠨ ᠵᠥᠪᠰᠢᠶᠡᠷᠡᠬᠦ ︽ᠲᠦᠷᠦᠭᠦᠦ ᠬᠠᠷᠢᠭᠤᠴᠠᠯᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠠᠲᠤᠯᠠᠭ᠎ᠠ ᠶᠢᠨ ᠲᠤᠰᠬᠠᠶ ᠠᠩᠭᠢ ᠪᠠᠶᠢᠭᠤᠯᠵᠤ᠂ ᠲᠣᠪᠴᠢᠶᠠᠨ ᠳᠠᠷᠤᠭ᠎ᠠ ᠪᠡᠶ᠎ᠡ ᠪᠠᠷ ᠢᠶᠠᠨ ᠬᠢᠨᠠᠨ ᠭᠦᠢᠴᠡᠳᠬᠡᠵᠦ᠂ ᠡᠯ᠎ᠡ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠳᠠᠷᠤᠭ᠎ᠠ ᠪᠣᠳᠠᠲᠠᠶ ᠲᠥᠷᠥᠯ ᠵᠦᠢᠯ ᠢ ᠠᠬᠢᠭᠤᠯᠬᠤ ᠠᠵᠢᠯ ᠢ ᠳᠠᠭᠠᠭᠠᠴᠢᠯᠠᠨ ᠬᠤᠯᠪᠣᠭᠠᠯᠠᠵᠤ ᠨᠠᠶᠢᠳᠠᠪᠤᠷᠢᠵᠢᠭᠤᠯᠤᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠪᠠ᠃ ︽ᠭᠠᠷᠠᠭ ᠤᠨ ᠮᠡᠳᠡᠭᠦᠯᠦᠯᠲᠡ᠂ ᠰᠠᠷ᠎ᠠ ᠶᠢᠨ ᠲᠣᠬᠢᠷᠠᠭᠤᠯᠤᠯᠲᠠ︾ ᠶᠢᠨ ᠲᠣᠭᠲᠠᠴᠠ ᠶᠢ ᠪᠠᠶᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠴᠠ ᠳᠠᠬᠢ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠲᠦᠭᠵᠢᠷᠡᠯ ᠢ ᠲᠦᠷᠭᠡᠨ ᠨᠡᠪᠲᠡᠷᠡᠭᠦᠯᠵᠦ᠂ ᠲᠥᠷᠥᠯ ᠵᠦᠢᠯ ᠤᠨ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠬᠤ ᠬᠡᠷᠡᠭᠲᠡᠢ᠃  ᠪᠣᠭᠤᠮᠲᠠ ᠶᠢ ᠴᠢᠩᠭ᠎ᠠ ᠠᠳᠬᠤᠵᠤ᠂ ᠭᠠᠵᠠᠷ ᠬᠡᠷᠡᠭᠯᠡᠬᠦ ᠶᠢᠨ ᠮᠡᠳᠡᠭᠦᠯᠦᠯᠲᠡ ᠶᠢᠨ ︽ᠴᠢᠨᠠᠷ ᠰᠠᠶᠢᠳᠠᠢ︾ ᠪᠠᠶᠢᠬᠤ ᠶᠢ ᠪᠠᠲᠤᠯᠠᠨ᠎ᠠ᠃ ᠡᠳᠦᠷ ᠲᠤᠲᠤᠮ ᠤᠨ ᠠᠵᠢᠯ ᠤᠨ ᠳᠤᠮᠳᠠ ᠪᠣᠭᠤᠮᠲᠠ ᠶᠢ ᠴᠢᠩᠭ᠎ᠠ ᠠᠳᠬᠤᠵᠤ᠂ ᠮᠡᠳᠡᠭᠦᠯᠬᠦ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠥᠨᠳᠥᠷ ᠪᠦᠲᠦᠮᠵᠢᠲᠡᠶ ᠪᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠢᠳᠠᠪᠤᠷᠢᠲᠠᠨ ᠢ ᠬᠥᠮᠦᠵᠢᠭᠦᠯᠬᠦ ᠶᠢ ᠴᠢᠬᠤᠯᠠᠴᠢᠯᠠᠵᠤ᠂ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠵᠢᠯ ᠢ ᠰᠠᠶᠢᠲᠤᠷ ᠠᠳᠬᠤᠵᠤ᠂ ᠣᠶᠢᠷ᠎ᠠ ᠶᠢᠨ ᠵᠢᠯ ᠤᠨ ᠲᠤᠷᠰᠢ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠯ᠎ᠡ ᠵᠦᠢᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠣᠯᠤᠨ ᠮᠡᠳᠡᠭᠦᠯᠦᠯᠲᠡ ᠶᠢᠨ ᠬᠢᠨᠠᠨ ᠵᠥᠪᠰᠢᠶᠡᠷᠡᠬᠦ ᠱᠠᠭᠠᠷᠳᠠᠯᠭ᠎ᠠ ᠶᠢ ᠤᠬᠠᠭᠤᠯᠤᠨ ᠲᠤᠭᠤᠰᠢᠯᠠᠭᠤᠯᠵᠤ᠂ ᠢᠨᠵᠧᠨᠧᠷᠢᠩ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠭᠤᠤᠯᠯᠠᠭᠴᠢ ᠶᠢ ᠯᠠᠪᠳᠠᠭᠤᠨ ᠪᠠᠲᠤᠲᠠᠶ ᠬᠥᠮᠦᠵᠢᠭᠦᠯᠬᠦ ᠬᠡᠷᠡᠭᠲᠡᠶ᠃ 1 ᠳ᠋ᠦ᠋ᠭᠡᠷ ᠰᠠᠷ᠎ᠠ ᠠᠴᠠ ᠨᠠᠭᠠᠰᠢ᠂ ᠨᠢᠭᠡᠨᠲᠡ 5 ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢ ᠣᠯᠪᠠ᠃  ᠲᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠥᠷᠥᠯ ᠵᠦᠢᠯ ᠢ ᠬᠢᠨᠠᠨ ᠵᠥᠪᠰᠢᠶᠡᠷᠡᠬᠦ ︽ᠨᠢᠭᠡ ᠬᠦᠪᠴᠢ︾ ᠶᠢ ᠦᠷᠭᠦᠯᠵᠢᠯᠡᠨ ᠴᠢᠩᠭᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠠᠶ ᠠᠵᠢᠯ ᠬᠢᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ 
ᠢᠷᠡᠯᠲᠡ᠄ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ